ᠬᠦᠯᠦᠨ ᠵᠠᠰᠠᠭ ᠥᠰᠥᠭ ︹2024︺ 39 ᠳ᠋ᠤᠭᠡᠷ ᠲᠣᠭᠠᠲᠤ | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠬᠤᠰᠢᠭᠤᠨ ᠤ ︽︿ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠠᠯᠭᠠᠰᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ︵2021 — 2035 ᠣᠨ︶﹀ ᠶᠢ ᠬᠢᠨᠠᠨ ᠵᠥᠪᠰᠢᠶᠡᠷᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠰᠢᠨ᠎ᠡ ᠪᠠᠷᠭᠤ ᠪᠠᠷᠠᠭᠤᠨ ᠵᠠᠰᠠᠭ | ᠲᠠᠷᠬᠠᠭᠠᠭᠰᠠᠨ ︹2024︺ 18 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠃ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄ | ᠨᠢᠭᠡ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠠᠯᠭᠠᠰᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ︵ | 2021 — 2035 ᠣᠨ︶︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ ︽ | ᠲᠥᠯᠥᠪᠵᠢᠭᠦᠯᠭᠡ︾ ᠨᠢ ︽ᠬᠥᠯᠥᠨ ᠪᠤᠶᠢᠷ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — | 2035 ᠣᠨ︶︾ ᠪᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 | — 2035 ᠣᠨ︶︾ ᠵᠡᠷᠭᠡ ᠳᠡᠭᠡᠳᠦ ᠱᠠᠲᠤᠨ ᠤ ᠲᠥᠯᠥᠪᠵᠢᠭᠦᠯᠭᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠯᠥᠨ ᠪᠠᠯᠭᠠᠰᠤ ᠶᠢ ᠰᠢᠨ᠎ᠡ | ᠪᠠᠷᠭᠤ ᠪᠠᠷᠠᠭᠤᠨ ᠬᠤᠰᠢᠭᠤᠨ ᠤ ᠬᠤᠶᠢᠲᠤ ᠬᠡᠰᠡᠭ ᠤᠨ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ᠂ ᠮᠠᠯ ᠠᠵᠤ ᠠᠬᠤᠶ ᠪᠠᠷ ᠰᠠᠭᠤᠷᠢ ᠪᠣᠯᠭᠠᠭᠰᠠᠨ᠂ | ᠪᠠᠶᠢᠭᠠᠯᠢᠯᠢᠭ ᠲᠠᠯ᠎ᠠ ᠨᠤᠲᠤᠭ ᠤᠨ ᠵᠢᠭᠤᠯᠴᠢᠯᠠᠯ ᠢᠶᠠᠷ ᠣᠨᠴᠠᠯᠢᠭ ᠪᠣᠯᠭᠠᠭᠰᠠᠨ ᠮᠠᠯᠵᠢᠬᠤ ᠪᠠᠯᠭᠠᠰᠤ ᠪᠣᠯᠭᠠᠨ ᠪᠥᠲᠥᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠬᠤ | ᠬᠡᠷᠡᠭᠳᠡᠢ᠃ | ᠬᠤᠶᠠᠷ᠂ ᠠᠮᠤᠷ ᠲᠦᠪᠰᠢᠨ ᠬᠥᠭᠵᠢᠯᠲᠡ ᠶᠢᠨ ᠣᠷᠣᠨ ᠵᠠᠶ ᠶᠢᠨ ᠰᠠᠭᠤᠷᠢ ᠶᠢ ᠠᠯᠬᠤᠮ ᠴᠢᠨᠠᠭᠰᠢᠳᠠ ᠪᠠᠬᠢᠵᠢᠭᠦᠯᠦᠨ᠎ᠡ᠃ 2035 ᠤᠨ ᠪᠣᠯᠬᠤ ᠳᠤ᠂ | ᠬᠥᠯᠥᠨ ᠪᠠᠯᠭᠠᠰᠤ ᠶᠢᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠶᠢ 0.2564 ᠲᠦᠮᠡᠨ ᠮᠥ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 0.0974 ᠲᠦᠮᠡᠨ ᠮᠥ ᠠᠴᠠ ᠳᠣᠤᠷ᠎ᠠ ᠪᠠᠶᠢᠯᠭᠠᠵᠤ ᠪᠣᠯᠬᠤ ᠥᠬᠡᠶ︔ ᠠᠮᠢ | ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 2320.1986 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠥᠬᠡᠶ︔ | ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠤᠨ ᠲᠠᠯᠠᠪᠠᠶ ᠶᠢ 1.0461 ᠲᠡᠭᠰᠢ ᠳᠥᠷᠪᠡᠯᠵᠢᠨ ᠺᠢᠯᠤᠮᠧᠲᠷ ᠤᠨ ᠳᠣᠲᠣᠷ᠎ᠠ ᠬᠢᠵᠠᠭᠠᠷᠯᠠᠨ᠎ᠠ᠃ | ᠴᠢᠬᠤᠯᠠ ᠡᠵᠡᠮᠳᠡᠬᠦ ᠱᠤᠭᠤᠮ ᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ ᠬᠤᠷᠢᠭ᠎ᠠ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ᠂ | ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠢᠨ᠎ᠡ ᠠᠮᠤᠷ ᠲᠦᠪᠰᠢᠨ ᠤ ᠲᠤᠭᠲᠠᠮᠵᠢ ᠪᠠᠷ ᠰᠢᠨ᠎ᠡ | ᠬᠥᠭᠵᠢᠯᠲᠡ ᠶᠢᠨ ᠲᠤᠭᠲᠠᠮᠵᠢ ᠶᠢ ᠪᠠᠲᠤᠯᠠᠬᠤ ᠬᠡᠷᠡᠭᠳᠡᠢ᠃ | ᠭᠤᠷᠪᠠ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠤᠭᠲᠠᠮᠵᠢ ᠶᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠪᠠᠶᠢᠭᠠᠯᠢ ᠶᠢᠨ ᠡᠬᠢ | ᠪᠠᠶᠠᠯᠢᠭ ᠤᠨ ᠳᠠᠪᠠᠭᠤᠯᠢᠭ᠂ ᠬᠤᠲᠠ ᠪᠠᠯᠭᠠᠰᠤᠨ ᠤ ᠬᠥᠭᠵᠢᠯᠲᠡ ᠶᠢᠨ ᠰᠠᠭᠤᠷᠢ᠂ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠬᠠᠷᠠᠯᠲᠠ ᠶᠢ | ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠭᠤᠤᠯ ᠴᠣᠭᠴᠠ ᠶᠢᠨ ᠴᠢᠳᠠᠮᠵᠢ ᠢᠯᠡᠷᠬᠡᠶ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ᠂ ᠴᠢᠨᠠᠷ ᠰᠠᠶᠢᠲᠠᠶ | ᠬᠦᠭᠵᠢᠬᠦ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠲᠤᠭᠲᠠᠮᠵᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠨᠤᠲᠤᠭ | ᠪᠡᠯᠴᠢᠭᠡᠷ ᠤᠨ ᠮᠠᠯ ᠠᠵᠤ ᠠᠬᠤᠶ ᠶᠢᠨ ᠣᠷᠣᠨ ᠤ ᠳᠠᠪᠠᠭᠤᠯᠢᠭ ᠢ ᠪᠠᠳᠠᠷᠠᠭᠤᠯᠤᠨ᠂ ᠮᠠᠯ ᠠᠵᠤ ᠠᠬᠤᠶ ᠶᠢᠨ ᠣᠷᠣᠨ ᠵᠠᠶ ᠶᠢᠨ ᠪᠠᠶᠢᠷᠢᠰᠢᠭᠤᠯᠤᠯ ᠢ | ᠰᠢᠯᠢᠳᠡᠭᠵᠢᠬᠦᠯᠦᠨ᠎ᠡ᠃ ᠠᠮᠢ ᠠᠬᠤᠢ ᠶᠢᠨ ᠣᠷᠣᠨ ᠵᠠᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠰᠠᠭᠤᠷᠢ ᠶᠢ ᠪᠠᠬᠢᠵᠢᠭᠦᠯᠵᠦ᠂ | ᠠᠮᠢ ᠠᠬᠤᠢ ᠶᠢᠨ ᠦᠢᠯᠡᠴᠢᠯᠡᠭᠡᠨ ᠤ ᠦᠷᠳᠡᠭ ᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ | ᠴᠢᠩᠭ᠎ᠠ ᠰᠠᠬᠢᠵᠤ᠂ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠬᠤᠲᠠ | ᠪᠠᠯᠭᠠᠰᠤ ᠶᠢᠨ ᠣᠷᠣᠨ ᠵᠠᠶ ᠶᠢᠨ ᠠᠭᠤᠯᠤᠭᠳᠠᠬᠤᠨ ᠮᠠᠶ᠋ᠢᠭ ᠤᠨ ᠡᠷᠴᠢᠮᠵᠢᠭᠦᠯᠦᠭᠰᠡᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠬᠡᠷᠡᠭᠳᠡᠢ᠃ | ᠳᠥᠷᠪᠡ᠂ ᠪᠠᠯᠭᠠᠰᠤ ᠲᠣᠰᠬᠤᠨ ᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠦᠷᠭᠦᠯᠵᠢᠯᠡᠨ ᠴᠢᠩᠭᠠᠳᠬᠠᠨ᠎ᠠ᠃ ᠵᠡᠷᠭᠡ ᠳᠡᠰ ᠨᠢ ᠵᠦᠢ ᠵᠣᠬᠢᠰᠲᠠᠢ᠂ | ᠵᠣᠬᠢᠴᠠᠩᠭᠤᠢ ᠡᠮᠬᠢ ᠵᠢᠷᠤᠮ ᠲᠠᠢ ᠪᠠᠯᠭᠠᠰᠤ ᠲᠣᠰᠬᠤᠨ ᠤ ᠲᠤᠭᠲᠠᠯᠴᠠᠭ᠎ᠠ ᠶᠢ ᠪᠠᠶᠢᠭᠤᠯᠤᠨ᠎ᠠ᠃ ᠬᠥᠯᠥᠨ ᠪᠠᠯᠭᠠᠰᠤ ᠶᠢᠨ ᠠᠶᠢᠯ ᠲᠣᠰᠬᠤᠨ ᠢ ᠲᠥᠷᠥᠯ | ᠬᠤᠪᠢᠶᠠᠬᠤ ᠶᠢ ᠨᠠᠶᠢᠳᠠᠪᠤᠷᠢᠵᠢᠭᠤᠯᠤᠨ᠂ ᠠᠶᠢᠯ ᠲᠣᠰᠬᠤᠨ ᠤ ᠲᠥᠯᠥᠪᠵᠢᠭᠦᠯᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠪᠠᠯᠭᠠᠰᠤ ᠲᠣᠰᠬᠤᠨ ᠤ ᠣᠷᠣᠰᠢᠨ | ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠪᠠᠲᠤᠳᠠᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ | ᠬᠠᠩᠭᠠᠬᠤ ᠬᠡᠷᠡᠭᠳᠡᠢ᠃ | ᠲᠠᠪᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ ᠪᠠᠯᠭᠠᠰᠤᠨ ᠤ ᠬᠡᠪᠴᠢᠶᠡᠨ ᠤ | ᠴᠢᠳᠠᠮᠵᠢ ᠶᠢᠨ ᠪᠦᠲᠦᠴᠡ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ | ᠲᠣᠬᠢᠷᠠᠭᠤᠯᠵᠤ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠡᠦᠬᠡ ᠰᠣᠶᠣᠯ ᠤᠨ ᠬᠠᠮᠠᠭᠠᠯᠠᠯᠲᠠ ᠶᠢ | ᠴᠢᠩᠭᠠᠳᠬᠠᠵᠤ᠂ ᠪᠠᠯᠭᠠᠰᠤᠨ ᠤ ᠳᠦᠷᠢ ᠳᠦᠷᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠳᠡᠢ᠃ | ᠵᠢᠷᠭᠤᠭ᠎ᠠ᠂ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠰᠠᠭᠤᠷᠢ ᠲᠤᠯᠭᠠᠭᠤᠷᠢᠯᠠᠯ ᠢ ᠤᠯᠠᠮ ᠴᠢᠨᠠᠭᠰᠢᠳᠠ ᠪᠠᠬᠢᠵᠢᠬᠦᠯᠦᠨ᠎ᠡ᠃ ᠪᠠᠯᠭᠠᠰᠤ ᠶᠢᠨ | ᠣᠷᠣᠨ ᠤ ᠵᠠᠮ ᠤᠨ ᠲᠣᠣᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠶᠢᠨ ᠶᠠᠪᠤᠳᠠᠯ ᠤᠨ ᠡᠯ᠎ᠡ ᠲᠦᠷᠦᠯ ᠤᠨ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ | ᠲᠥᠯᠥᠪᠵᠢᠭᠦᠯᠦᠨ ᠪᠠᠲᠤᠯᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠪᠠ ᠭᠠᠮᠰᠢᠭ ᠢ ᠰᠡᠷᠭᠡᠶᠢᠯᠡᠬᠦ ᠶᠡᠷᠦᠩᠬᠡᠶᠢᠯᠡᠭᠰᠡᠨ ᠲᠤᠭᠲᠠᠯᠴᠠᠭ᠎ᠠ ᠶᠢ ᠪᠦᠷᠢᠨᠰᠢᠬᠦᠯᠦᠨ᠎ᠡ᠃ | ᠠᠵᠤ ᠠᠬᠤᠶ ᠶᠢᠨ ᠬᠥᠭᠵᠢᠯᠲᠡ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠵᠢᠭᠦᠯᠵᠦ᠂ | ᠬᠢᠯᠢ ᠶᠢᠨ ᠬᠤᠲᠠ ᠪᠠᠯᠭᠠᠰᠤ ᠶᠢᠨ ᠴᠡᠷᠢᠭ ᠠᠩᠭᠢ ᠪᠠ ᠣᠷᠣᠨ ᠵᠠᠶ ᠶᠢ ᠨᠢᠭᠡ ᠴᠣᠭᠴᠠᠵᠢᠭᠤᠯᠬᠤ ᠰᠠᠭᠤᠷᠢ ᠪᠡᠯᠡᠳᠬᠡᠮᠵᠢ ᠶᠢᠨ ᠣᠷᠣᠨ ᠵᠠᠶ ᠶᠢ ᠪᠠᠲᠤᠯᠠᠬᠤ ᠬᠡᠷᠡᠭᠳᠡᠢ᠃ | | ᠳᠣᠯᠤᠭ᠎ᠠ᠂ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ᠃ ︽ᠲᠥᠯᠥᠪᠵᠢᠭᠦᠯᠭᠡ︾ ᠪᠣᠯ ᠬᠥᠯᠥᠨ ᠪᠠᠯᠭᠠᠰᠤᠨ ᠤ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠳᠤ ᠬᠢᠭᠰᠡᠨ ᠪᠥᠬᠦ ᠲᠠᠯ᠎ᠠ ᠶᠢᠨ ᠲᠣᠬᠢᠷᠠᠭᠤᠯᠤᠯᠲᠠ ᠮᠥᠨ᠂ ᠪᠠᠯᠭᠠᠰᠤᠨ ᠤ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢ ᠬᠠᠮᠠᠭᠠᠯᠠᠬᠤ᠂ ᠨᠡᠭᠡᠭᠡᠨ ᠠᠰᠢᠭᠯᠠᠬᠤ᠂ ᠠᠰᠢᠭᠯᠠᠬᠤ᠂ ᠵᠠᠰᠠᠨ ᠰᠡᠷᠭᠦᠭᠡᠬᠦ ᠲᠥᠷᠥ ᠶᠢᠨ ᠪᠣᠳᠣᠯᠭ᠎ᠠ ᠪᠠ ᠶᠡᠷᠦᠩᠬᠡᠶ ᠬᠥᠲᠥᠯᠪᠦᠷᠢ ᠮᠥᠨ᠂ ᠡᠷᠬᠡᠪᠰᠢ | ᠲᠥᠯᠥᠪᠵᠢᠭᠦᠯᠭᠡ ᠶᠢᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠡᠷᠡᠰ ᠬᠠᠮᠠᠭᠠᠯᠠᠬᠤ ᠬᠡᠷᠡᠭᠲᠡᠶ᠂ ᠶᠠᠮᠠᠷᠪᠠ ᠰᠠᠯᠠᠭ᠎ᠠ ᠮᠥᠴᠢᠷ ᠪᠠ ᠬᠤᠪᠢ ᠬᠥᠮᠦᠨ | ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ᠂ ᠲᠣᠭᠲᠠᠭᠠᠯ ᠠᠴᠠ ᠵᠥᠷᠢᠴᠡᠨ ᠬᠤᠪᠢᠷᠠᠭᠤᠯᠵᠤ ᠪᠣᠯᠬᠤ ᠥᠬᠡᠶ᠃ ᠰᠢᠨ᠎ᠡ ᠪᠠᠷᠭᠤ ᠪᠠᠷᠠᠭᠤᠨ ᠬᠤᠰᠢᠭᠤ ᠨᠢ ᠬᠥᠯᠥᠨ | ᠪᠠᠯᠭᠠᠰᠤ ᠶᠢ ᠵᠢᠯᠣᠭᠤᠳᠤᠨ ︽ᠲᠥᠯᠥᠪᠵᠢᠭᠦᠯᠭᠡ︾ ᠶᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ ᠢ ᠠᠯᠬᠤᠮ ᠴᠢᠨᠠᠭᠰᠢᠳᠠ ᠰᠠᠢᠲᠤᠷ ᠬᠢᠵᠦ᠂ ︽ᠲᠥᠯᠥᠪᠵᠢᠭᠦᠯᠭᠡ︾ | ᠶᠢᠨ ᠪᠦᠬᠦ ᠠᠮᠢ ᠨᠠᠰᠤᠨ ᠤ ᠦᠶᠡᠯᠡᠯ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ︽ᠲᠥᠯᠥᠪᠵᠢᠭᠦᠯᠭᠡ︾ ᠶᠢ ᠬᠡᠷᠡᠭᠵᠢᠭᠦᠯᠬᠦ ᠶᠠᠪᠤᠴᠠ ᠳᠤ ᠴᠢᠬᠤᠯᠠ | ᠶᠡᠭᠡ ᠤᠴᠢᠷ ᠶᠠᠪᠤᠳᠠᠯ ᠲᠤᠯᠭᠠᠷᠠᠪᠠᠯ ᠱᠠᠳᠤ ᠳᠠᠷᠠᠭᠠᠯᠠᠨ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | 2024 ᠣᠨ ᠤ 9 ᠰᠠᠷ᠎ᠠ ᠶᠢᠨ 3 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |