ᠬᠦᠯᠦᠨ ᠵᠠᠰᠠᠭ ᠥᠰᠥᠭ ︹2020︺ 44 ᠳ᠋ᠤᠭᠡᠷ ᠲᠣᠭᠠᠲᠤ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ᠄ | ᠲᠠᠨ ᠤ ᠲᠣᠪᠴᠢᠶ᠎ᠠ ᠶᠢᠨ ︽ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠯᠥᠨ ᠨᠠᠭᠤᠷ ᠤᠨ ᠬᠤᠪᠢᠶᠠᠷᠢ | ᠲᠣᠪᠴᠢᠶ᠎ᠠ ᠶᠢᠨ ᠲᠣᠮᠣ ᠬᠡᠯᠪᠡᠷᠢ ᠶᠢᠨ ᠵᠢᠯᠣᠭᠤᠳᠬᠤ ᠴᠠᠭᠳᠠᠨ ᠲᠣᠭᠤᠷᠢᠬᠤ ᠣᠩᠭᠤᠴᠠ ᠬᠤᠳᠠᠯᠳᠤᠨ ᠠᠪᠬᠤ ᠲᠦᠷᠦᠯ ᠵᠦᠢᠯ ᠤᠨ ᠲᠤᠬᠠᠶ ᠵᠢᠭᠠᠪᠤᠷᠢ ᠠᠪᠬᠤ | ᠮᠡᠳᠡᠭᠦᠯᠦᠯᠲᠡ︾ ︵ᠬᠦᠯᠦᠨ ᠠᠯᠪᠠᠨ ᠲᠠᠷᠬᠠᠭᠠᠭᠰᠠᠨ ︹2024︺ 85 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠃ ᠰᠤᠳᠤᠯᠬᠤ ᠪᠠᠷ ᠳᠠᠮᠵᠢᠭᠠᠳ᠂ ᠡᠳᠦᠭᠡ | ᠳᠣᠣᠷᠠᠬᠢ ᠮᠡᠲᠦ ᠴᠤᠬᠤᠯᠠᠪᠤᠷᠢᠯᠠᠶ᠎ᠠ᠄ | ᠨᠢᠭᠡ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠯᠥᠨ ᠨᠠᠭᠤᠷ ᠤᠨ ᠬᠤᠪᠢᠶᠠᠷᠢ ᠲᠣᠪᠴᠢᠶ᠎ᠠ ᠶᠢᠨ ᠲᠣᠮᠣ | ᠬᠡᠯᠪᠡᠷᠢ ᠶᠢᠨ ᠵᠢᠯᠣᠭᠤᠳᠬᠤ ᠴᠠᠭᠳᠠᠨ ᠲᠣᠭᠤᠷᠢᠬᠤ ᠣᠩᠭᠤᠴᠠ ᠬᠤᠳᠠᠯᠳᠤᠨ ᠠᠪᠬᠤ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠣᠯᠭᠤᠬᠤ ᠶᠢ | ᠢᠳᠡᠪᠬᠢᠲᠡᠶ ᠵᠣᠬᠢᠴᠠᠭᠤᠯᠤᠨ ᠣᠯᠵᠤ᠂ ᠲᠣᠮᠣ ᠬᠡᠯᠪᠡᠷᠢ ᠶᠢᠨ ᠵᠢᠯᠣᠭᠤᠳᠬᠤ ᠴᠠᠭᠳᠠᠨ ᠲᠣᠭᠤᠷᠢᠬᠤ ᠣᠩᠭᠤᠴᠠ ᠬᠤᠳᠠᠯᠳᠤᠨ ᠠᠪᠬᠤ ᠳᠤ ᠬᠡᠷᠡᠭᠰᠡᠬᠦ ᠵᠠᠷᠤᠳᠠᠯ ᠤᠨ | ᠠᠰᠠᠭᠤᠳᠠᠯ ᠢ ᠰᠢᠢᠳᠪᠦᠷᠢᠯᠡᠨ᠎ᠡ᠃ | ᠬᠤᠶᠠᠷ᠂ ᠲᠥᠷᠥᠯ ᠵᠦᠢᠯ ᠤᠨ ᠬᠤᠳᠠᠯᠳᠤᠨ ᠠᠪᠬᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ | ᠮᠥᠴᠢᠷ ᠤᠨ ᠪᠥᠬᠦ ᠶᠠᠪᠤᠴᠠ ᠶᠢᠨ ᠬᠢᠨᠠᠯᠲᠠ ᠳᠣᠤᠷ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶ᠎ᠠ ᠪᠥᠬᠦᠶ ᠲᠣᠭᠲᠠᠭᠠᠯ ᠪᠠ ᠴᠤᠪᠤᠷᠠᠯ ᠢ ᠴᠢᠩᠭ᠎ᠠ | ᠵᠢᠷᠤᠮᠯᠠᠨ ᠬᠤᠳᠠᠯᠳᠤᠨ ᠠᠪᠬᠤ ᠠᠵᠢᠯ ᠢ ᠰᠠᠶᠢᠲᠤᠷ ᠬᠢᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠪᠠᠲᠤᠯᠠᠨ᠎ᠠ᠃ | ᠭᠤᠷᠪᠠ᠂ ᠪᠠᠶᠢᠪᠠᠰᠤ ᠵᠣᠬᠢᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠎ᠠ᠃ ᠬᠤᠳᠠᠯᠳᠤᠨ ᠠᠪᠤᠭᠰᠠᠨ ᠲᠣᠮᠣ ᠬᠡᠯᠪᠡᠷᠢ ᠶᠢᠨ ᠵᠢᠯᠣᠭᠤᠳᠬᠤ ᠴᠠᠭᠳᠠᠨ | ᠲᠣᠭᠤᠷᠢᠬᠤ ᠣᠩᠭᠤᠴᠠ ᠳᠤ ᠲᠦᠰᠢᠭᠯᠡᠨ᠂ ᠠᠮᠢ ᠠᠬᠤᠢ ᠶᠢᠨ ᠠᠮᠤᠷ ᠲᠦᠪᠰᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠰᠡᠷᠭᠡᠶᠢᠯᠡᠨ ᠡᠵᠡᠮᠳᠡᠵᠦ᠂ ᠴᠢᠩᠭ᠎ᠠ ᠴᠣᠬᠢᠯᠲᠠ ᠥᠭᠴᠦ᠂ ᠤᠰᠤᠨ ᠳᠡᠭᠡᠷᠡᠬᠢ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠪᠠᠳᠠᠷᠠᠭᠤᠯᠵᠤ᠂ ᠬᠥᠯᠥᠨ | ᠨᠠᠭᠤᠷ ᠤᠨ ᠠᠮᠢ ᠠᠬᠤᠢ ᠶᠢᠨ ᠠᠮᠤᠷ ᠲᠦᠪᠰᠢᠨ ᠤ ᠡᠮᠬᠢ ᠳᠢᠭᠯᠢᠮ ᠢ ᠬᠠᠮᠠᠭᠠᠯᠠᠨ᠎ᠠ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | 2024 ᠣᠨ ᠤ 9 ᠰᠠᠷ᠎ᠠ ᠶᠢᠨ 21 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |