ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠬᠤᠰᠢᠭᠤᠨ ᠤ ︽ᠤᠯᠤᠰ ᠤᠨ ᠡᠵᠡᠩᠨᠡᠯᠲᠡᠲᠦ ᠬᠤᠲᠠᠨᠲᠤᠬᠤᠢ ᠮᠠᠯᠵᠢᠯ ᠤᠨ ᠲᠠᠯᠠᠪᠠᠢ ᠶᠢᠨ ᠲᠦᠪᠯᠡᠷᠡᠭᠭᠦᠢ ᠮᠠᠶ᠋ᠢᠭ ᠤᠨ ᠤᠤᠭᠤᠬᠤ ᠤᠰᠤᠨ ᠤ | ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠦᠴᠦᠨ ᠦᠭᠡᠢ ᠪᠣᠯᠭᠠᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠠᠭᠤᠴᠢᠨ ᠪᠠᠷᠭᠤ ᠵᠠᠰᠠᠭ | ᠲᠠᠷᠬᠠᠭᠠᠭᠰᠠᠨ ︹2020︺ 19 ᠳ᠋ᠤᠭᠡᠷ ᠲᠣᠭᠠᠲᠤ︶ ᠶᠢ ᠬᠤᠷᠢᠶᠠᠨ ᠠᠪᠤᠯ᠎ᠠ᠃ ᠰᠤᠳᠤᠯᠬᠤ ᠪᠠᠷ ᠳᠠᠮᠵᠢᠭᠠᠳ᠂ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄ | ᠨᠢᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ ᠤᠰᠤᠨ ᠰᠤᠷᠪᠤᠯᠵᠢ ᠶᠢ ᠬᠠᠮᠠᠭᠠᠯᠠᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠵᠢᠴᠢ ︽ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢ | ᠬᠠᠮᠠᠭᠠᠯᠠᠬᠤ ᠠᠵᠢᠯ ᠢ ᠦᠨᠡᠨ ᠬᠦ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 33 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ᠂ ᠤᠯᠤᠰ ᠤᠨ ᠡᠵᠡᠩᠨᠡᠯᠲᠡᠲᠦ ᠬᠤᠲᠠᠨᠲᠤᠬᠤᠢ ᠮᠠᠯᠵᠢᠯ ᠤᠨ ᠲᠠᠯᠠᠪᠠᠶ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠤᠰᠤᠨ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠦᠴᠦᠨ ᠥᠬᠡᠶ ᠪᠣᠯᠭᠠᠬᠤ ᠶᠢ ᠵᠥᠪᠰᠢᠶᠡᠷᠡᠪᠡ᠂ ᠬᠠᠮᠠᠭᠠᠯᠠᠯᠳᠠ ᠶᠢᠨ ᠤᠷᠤᠨ ᠤ ᠲᠠᠯᠠᠪᠠᠢ 0.13 ᠺᠤᠸᠠᠳ᠋ | ᠺᠢᠯᠤᠮᠧᠲᠷ᠃ | ᠬᠤᠶᠠᠷ᠂ ᠲᠠᠨ ᠤ ᠬᠤᠰᠢᠭᠤ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ᠂ ᠤᠯᠤᠰ ᠤᠨ ᠡᠵᠡᠩᠨᠡᠯᠲᠡᠲᠦ ᠬᠤᠲᠠᠨᠲᠤᠬᠤᠢ ᠮᠠᠯᠵᠢᠯ ᠤᠨ ᠲᠠᠯᠠᠪᠠᠶ ᠶᠢᠨ ᠲᠦᠪᠯᠡᠷᠡᠩᠭᠦᠢ | ᠮᠠᠶ᠋ᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠳᠳᠤᠭ ᠤᠨ ᠬᠡᠷᠡᠭᠯᠡᠭᠡ ᠶᠢ ᠴᠢᠩᠭ᠎ᠠ | ᠬᠢᠨᠠᠨ ᠬᠠᠮᠢᠶᠠᠷᠬᠤ ᠶᠢᠨ ᠬᠠᠮᠲᠤ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠠᠮᠠᠭᠠᠯᠠᠯᠲᠠ ᠶᠢᠨ ᠠᠵᠢᠯ ᠢ ᠦᠷᠨᠢᠬᠦᠯᠦᠨ᠎ᠡ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | | 2024 ᠣᠨ ᠤ 9 ᠰᠠᠷ᠎ᠠ ᠶᠢᠨ 23 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |