︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ | ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ | ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠴᠢᠳᠠᠪᠤᠷᠢᠲᠠᠨ ᠤᠷᠢᠬᠤ ᠠᠯᠪᠠᠨ | ᠵᠠᠷᠯᠠᠯ ᠢ ᠨᠡᠶᠢᠲᠡᠯᠡᠬᠦ᠂ ᠨᠡᠷ᠎ᠡ ᠮᠡᠳᠡᠭᠦᠯᠵᠦ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ | ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠢᠶᠠᠷ 1 ᠬᠥᠮᠦᠨ ᠢ | ᠳᠣᠭᠲᠠᠭᠠᠪᠠ᠂ ᠡᠳᠦᠭᠡ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ ᠪᠠᠷ ᠪᠠᠶᠢᠭ᠎ᠠ ᠨᠢᠭᠡᠴᠢ ᠶᠢ | ᠢᠯᠡ ᠨᠡᠶᠢᠲᠡᠯᠡᠪᠡ᠃ | ᠨᠢᠭᠡ᠂ ᠢᠯᠡ ᠨᠡᠶᠢᠲᠡᠯᠡᠬᠦ ᠡᠲᠡᠭᠡᠳ | ᠯᠢ ᠯᠢ ᠮᠢᠩ᠂ ᠡᠷᠡᠭᠲᠡᠢ᠂ 1978 ᠣᠨ ᠤ 12 ᠰᠠᠷ᠎ᠠ ᠳᠤ ᠲᠦᠷᠦᠵᠠᠢ᠂ ᠳ᠋ᠣᠺᠲ᠋ᠣᠷᠠᠨᠲ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠺᠣᠮᠫᠢᠦ᠋ᠲ᠋ᠧᠷ ᠪᠣᠯᠤᠨ ᠰᠦᠯᠵᠢᠶᠡᠨ ᠤ ᠠᠮᠤᠷ ᠲᠦᠪᠰᠢᠨ ᠤ ᠰᠠᠯᠪᠤᠷᠢ ᠶᠢᠨ ᠲᠤᠰᠬᠠᠢ ᠮᠡᠷᠭᠡᠵᠢᠯ ᠤᠨ ᠠᠵᠢᠯ ᠤᠨ | ᠪᠠᠶᠢᠷᠢ ᠳᠤ ᠤᠷᠢᠬᠤ ᠪᠠᠷ ᠲᠥᠯᠥᠪᠯᠡᠵᠦ ᠪᠣᠢ᠃ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | 2024 ᠣᠨ ᠤ 11 ᠰᠠᠷ᠎ᠠ ᠶᠢᠨ 7- 2024 ᠣᠨ ᠤ 11 ᠰᠠᠷ᠎ᠠ ᠶᠢᠨ 13 ᠤ ᠡᠳᠦᠷ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠳ ᠤᠨ | ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠂ ᠲᠤᠰᠬᠠᠬᠤ ᠮᠠᠲ᠋ᠧᠷᠢᠶᠠᠯ ᠳᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ | ᠬᠤᠪᠢ ᠬᠥᠮᠦᠨ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ ᠬᠡᠷᠡᠭᠲᠡᠢ᠃ | ᠤᠲᠠᠰᠤ ᠵᠢᠴᠢ ᠢᠮᠧᠯ᠄ 0471 - 2857005︔ nmgjytjsgzc@126.com᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2024 ᠣᠨ ᠤ 11 ᠰᠠᠷ᠎ᠠ ᠶᠢᠨ 7 ᠤ ᠡᠳᠦᠷ | |