ᠪᠦᠢᠺᠦ ᠪᠥᠮᠪᠥᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2024/12/3
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                           ᠥᠪᠥᠷ ᠵᠠᠰᠠᠭ ᠠᠯᠪᠠᠨ ᠲᠠᠷᠬᠠᠭᠠᠭᠰᠠᠨ ﹇2024﹈ 20 ᠳ᠋ᠤᠭᠠᠷ ᠲᠣᠭᠠᠲᠤ    ᠪᠦᠢᠺᠦ ᠪᠥᠮᠪᠥᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄         ᠪᠡᠶ᠎ᠡ ᠶᠢᠨ ᠲᠠᠮᠢᠷ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠤᠶᠢᠺᠤ ᠪᠥᠮᠪᠥᠭᠡᠨ ᠤ ᠲᠥᠷᠥᠯ ᠵᠦᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃         ᠨᠢᠭᠡ᠂ ᠶᠡᠷᠦᠩᠬᠡᠢ ᠱᠠᠭᠠᠷᠳᠠᠯᠭ᠎ᠠ         ᠬᠥᠮᠥᠨ ᠢᠶᠠᠷ ᠦᠨᠳᠦᠰᠦ ᠪᠣᠯᠭᠠᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ︵ᠳᠣᠷᠣᠭᠰᠢ ᠮᠣᠷᠢᠨᠳᠠᠪᠠᠭ᠎ᠠ ᠬᠤᠰᠢᠭᠤ ᠭᠡᠵᠦ ᠲᠣᠪᠴᠢᠯᠠᠨ᠎ᠠ︶ ᠤ ᠪᠤᠶᠢᠺᠤ ᠪᠥᠮᠪᠥᠭᠡᠨ ᠤ ᠲᠥᠷᠥᠯ ᠵᠦᠢᠯ ᠤᠨ ᠬᠥᠭᠵᠢᠯᠲᠡ ᠪᠠᠷ ᠵᠢᠱᠢᠶ᠎ᠡ ᠦᠵᠡᠭᠦᠯᠵᠦ᠂ ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠤᠶᠢᠺᠤ ᠪᠥᠮᠪᠥᠭᠡᠨ ᠤ ᠬᠥᠳᠡᠯᠭᠡᠭᠡᠨ ᠳᠤ ᠣᠷᠤᠯᠴᠠᠬᠤ ᠬᠥᠮᠥᠨ ᠠᠮᠠ ᠶᠢᠨ ᠬᠡᠪᠴᠢᠶᠡᠵᠢᠯ ᠢ ᠥᠷᠭᠡᠳᠬᠡᠨ᠎ᠡ᠃ 2025 ᠣᠨ ᠪᠣᠯᠬᠤ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠢᠳᠡᠪᠬᠢᠲᠡᠢ ᠪᠡᠯᠡᠳᠬᠡᠯ ᠬᠢᠵᠦ᠂ ᠡᠷᠡᠭᠲᠡᠢ ᠶᠢᠨ ᠪᠤᠶᠢᠺᠤ ᠪᠥᠮᠪᠥᠭᠡᠨ ᠤ ᠲᠥᠷᠥᠯ ᠵᠦᠢᠯ ᠳᠤ ︽ᠬᠤᠶᠠᠳᠤᠭᠠᠷ ᠢᠶᠠᠨ ᠪᠠᠲᠤᠯᠠᠭᠰᠠᠨ ᠰᠠᠭᠤᠷᠢᠨ ᠳᠤ ᠮᠠᠩᠯᠠᠶᠢᠯᠠᠬᠤ ᠪᠠᠷ ᠮᠡᠷᠡᠶᠢᠨ ᠲᠡᠮᠡᠴᠡᠵᠦ︾᠂ ᠡᠮᠡᠭᠲᠡᠢ ᠶᠢᠨ ᠪᠤᠶᠢᠺᠤ ᠪᠥᠮᠪᠥᠭᠡᠨ ᠤ ᠲᠥᠷᠥᠯ ᠵᠦᠢᠯ ᠳᠤ ︽ᠳᠤᠮᠳᠠ ᠲᠦᠪᠰᠢᠨ ᠳᠤ ᠳᠠᠪᠰᠢᠨ ᠣᠷᠣᠬᠤ︾  ᠶᠢ ᠪᠡᠶᠡᠯᠡᠭᠦᠯᠵᠦ᠂ ᠱᠠᠲᠤᠯᠢᠭ ᠪᠡᠯᠡᠳᠬᠡᠯ ᠡᠩᠨᠡᠭᠡᠨ ᠤ ᠪᠠᠶᠢᠭᠤᠯᠤᠯᠲᠠ ᠶᠢ ᠠᠩᠬ᠎ᠠ ᠠᠯᠬᠤᠮ ᠬᠡᠪᠴᠢᠶ᠎ᠡ ᠲᠠᠢ ᠪᠣᠯᠭᠠᠨ᠎ᠠ᠃ 2030 ᠣᠨ ᠪᠣᠯᠬᠤ ᠳᠤ᠂ ᠪᠥᠬᠦ ᠣᠷᠣᠨ ᠳᠤ ᠪᠤᠶᠢᠺᠤ ᠪᠥᠮᠪᠥᠭᠡᠨ ᠤ ᠪᠡᠯᠡᠳᠬᠡᠯ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠢ ᠨᠠᠭᠠᠲᠤ ᠵᠠᠬ᠎ᠠ ᠳᠤ ᠪᠠᠨ 15 ︵ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠰᠠᠭᠤᠷᠢᠨ ᠭᠠᠵᠠᠷ ᠤᠨ ᠶᠡᠷᠦᠩᠬᠡᠢ ᠲᠤᠭ᠎ᠠ ᠬᠡᠮᠵᠢᠶ᠎ᠡ︶ ᠪᠠᠶᠢᠭᠤᠯᠵᠤ᠂ ᠳᠠᠩᠰᠠᠯᠠᠭᠤᠯᠤᠭᠰᠠᠨ ᠲᠠᠮᠢᠷᠴᠢᠳ ᠢ 2000 ᠬᠥᠮᠥᠨ ᠳᠤ ᠬᠦᠷᠦᠭᠦᠯᠵᠦ᠂ ᠪᠣᠯᠪᠠᠰᠤᠷᠠᠯ ᠳᠤ ᠪᠠᠶᠢᠩᠭᠤ ᠣᠷᠣᠯᠴᠠᠬᠤ ᠵᠠᠯᠠᠭᠤᠴᠤᠳ ᠪᠠᠭᠠᠴᠤᠳ ᠢ ᠲᠦᠮᠡᠨ ᠬᠥᠮᠥᠨ ᠠᠴᠠ ᠳᠠᠪᠠᠭᠤᠯᠤᠨ᠂ ᠮᠥᠷᠦ᠋ᠢᠴᠡᠭᠡᠨ ᠤ ᠬᠢᠷᠢ ᠲᠦᠪᠰᠢᠨ ᠲᠡᠷᠢᠭᠦᠯᠡᠭᠰᠡᠨ᠂ ᠤᠷᠤᠯᠳᠤᠭᠠᠨ ᠤ ᠲᠣᠭᠲᠠᠯᠴᠠᠭ᠎ᠠ ᠲᠡᠭᠦᠯᠳᠡᠷ᠂ ᠲᠠᠯᠠᠪᠤᠷ ᠪᠡᠯᠡᠳᠬᠡᠮᠵᠢ ᠶᠢᠨ ᠪᠠᠲᠤᠯᠠᠭ᠎ᠠ ᠬᠦᠴᠦᠲᠡᠢ᠂ ᠴᠢᠳᠠᠪᠤᠷᠢᠲᠠᠨ ᠬᠥᠮᠥᠵᠢᠭᠦᠯᠬᠦ ᠲᠣᠭᠲᠠᠯᠴᠠᠭ᠎ᠠ ᠪᠦᠷᠢᠨᠰᠢᠭᠰᠡᠨ᠂ ᠲᠠᠮᠢᠷ ᠤᠨ ᠬᠥᠳᠡᠯᠭᠡᠭᠡᠨ ᠤ ᠲᠦᠭᠡᠮᠡᠯᠵᠢᠭᠦᠯᠦᠯᠲᠡ ᠶᠢᠨ ᠨᠣᠷᠮ᠎ᠠ ᠪᠠᠷ ᠨᠡᠯᠢᠶᠡᠳ ᠥᠨᠳᠥᠷ ᠪᠠᠶᠢᠬᠤ ᠪᠥᠬᠦ ᠤᠯᠤᠰ ᠤᠨ ᠪᠤᠶᠢᠺᠤ ᠪᠥᠮᠪᠥᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃         ᠬᠤᠶᠠᠷ᠂ ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠬᠢᠷᠢ ᠲᠦᠪᠰᠢᠨ ᠢ ᠲᠦᠷᠭᠡᠬᠡᠨ ᠳᠡᠭᠡᠭᠰᠢᠯᠡᠭᠦᠯᠦᠨ᠎ᠡ         ᠰᠢᠨᠵᠢᠯᠡᠬᠦ ᠤᠬᠠᠭᠠᠨᠴᠢ ᠪᠥᠭᠡᠳ ᠵᠢᠷᠣᠮᠵᠢᠭᠤᠨ ᠪᠦᠬᠦᠢ ᠲᠠᠮᠢᠷᠴᠢᠨ ᠢ ᠰᠢᠯᠢᠨ ᠰᠣᠩᠭᠤᠬᠤ ᠲᠣᠭᠲᠠᠴᠠ᠂ ᠰᠢᠯᠭᠠᠨ ᠬᠢᠨᠠᠬᠤ ᠪᠠᠷᠢᠮᠵᠢᠶ᠎ᠠ᠂ ᠡᠳᠦᠷ ᠲᠤᠳᠤᠮ ᠤᠨ ᠬᠠᠮᠢᠶᠠᠷᠤᠯᠲᠠ᠂ ᠱᠠᠩᠨᠠᠵᠤ ᠲᠣᠷᠭᠠᠬᠤ ᠵᠡᠷᠭᠡ ᠳᠦᠷᠢᠮ ᠢ ᠲᠣᠭᠲᠠᠭᠠᠵᠤ᠂ ᠴᠢᠳᠠᠪᠤᠷᠢᠲᠠᠨ ᠢ ᠢᠯᠡᠷᠡᠭᠦᠯᠵᠦ ᠬᠥᠮᠥᠵᠢᠭᠦᠯᠦᠨ᠎ᠡ᠃ 2025 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠪᠤᠶᠢᠺᠤ ᠪᠥᠮᠪᠥᠭᠡᠨ ᠤ ᠲᠤᠰᠬᠠᠢ ᠮᠡᠷᠭᠡᠵᠢᠯ ᠤᠨ ᠠᠩᠭᠢ ᠶᠢᠨ ᠪᠦᠲᠦᠴᠡ ᠶᠢ ᠨᠢ ᠨᠠᠩ ᠰᠢᠯᠢᠳᠡᠭ᠂ ᠪᠣᠳᠠᠲᠤ ᠬᠦᠴᠦᠨ ᠢ ᠨᠢ ᠨᠠᠩ ᠴᠢᠩᠭ᠎ᠠ ᠪᠣᠯᠭᠠᠵᠤ᠂ ᠬᠤᠶᠠᠳᠤᠭᠠᠷ ᠹᠷᠣᠨᠲ ᠤᠨ ᠡᠩᠨᠡᠭᠡᠨ ᠤ ᠲᠤᠭ᠎ᠠ ᠬᠡᠮᠵᠢᠶ᠎ᠡ ᠶᠢ ᠭᠦᠢᠴᠡᠳ ᠬᠠᠩᠭᠠᠭᠠᠯᠳᠠᠢ᠂ ᠳᠠᠯᠳᠠ ᠬᠦᠴᠦᠨ ᠢ ᠨᠢ ᠲᠣᠪᠤᠶᠢᠮ᠎ᠠ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ︽ᠬᠦᠴᠢᠷ ᠠᠭᠤᠯᠭ᠎ᠠ ᠲᠣᠬᠢᠷᠠᠭᠤᠯᠬᠤ᠂ ᠴᠢᠩᠭ᠎ᠠ ᠱᠠᠭᠠᠷᠳᠠᠬᠤ᠂ ᠪᠣᠳᠠᠲᠤ ᠣᠷᠣᠯᠳᠣᠭᠠᠨ ᠠᠴᠠ ᠡᠭᠦᠰᠴᠦ᠂ ᠪᠡᠶ᠎ᠡ ᠶᠢᠨ ᠳᠠᠭᠠᠭᠠᠴᠠ ᠳᠤ ᠣᠶᠢᠷᠠᠲᠤᠭᠰᠠᠨ ᠬᠥᠳᠡᠯᠭᠡᠭᠡᠨ ᠤ ᠬᠡᠮᠵᠢᠶ᠎ᠡ ᠶᠢ ᠦᠵᠡᠵᠦ ᠰᠢᠨᠵᠢᠯᠡᠬᠦ ᠤᠬᠠᠭᠠᠨᠴᠢ ᠪᠠᠷ ᠰᠤᠷᠭᠠᠭᠤᠯᠢᠯᠠᠯ ᠬᠦᠷᠲᠡᠭᠡᠬᠦ︾ ᠵᠠᠷᠴᠢᠮ ᠢ ᠪᠠᠷᠢᠮᠲᠠᠯᠠᠨ᠂ ᠪᠤᠶᠢᠺᠤ ᠪᠥᠮᠪᠥᠭᠡᠨ ᠤ ︽ᠰᠤᠷᠭᠠᠭᠤᠯᠢᠯᠠᠯ᠂ ᠡᠷᠳᠡᠮ ᠰᠢᠨᠵᠢᠯᠡᠭᠡᠨ᠂ ᠡᠮᠴᠢᠯᠡᠭᠡ᠂ ᠵᠢᠭᠠᠨ ᠰᠤᠷᠭᠠᠯᠲᠠ᠂ ᠦᠢᠯᠡᠴᠢᠯᠡᠭᠡ︾ ᠶᠢᠨ ᠬᠠᠮ ᠬᠡᠯᠪᠡᠷᠢᠲᠦ ᠰᠤᠷᠭᠠᠭᠤᠯᠢᠯᠠᠯ ᠤᠨ ᠪᠦᠯᠬᠦᠮ ᠤᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠰᠤᠷᠭᠠᠭᠴᠢ ᠶᠢᠨ ᠪᠦᠯᠬᠦᠮ ᠢ ᠤᠷᠢᠵᠤ᠂ ᠰᠢᠨᠵᠢᠯᠡᠬᠦ ᠤᠬᠠᠭᠠᠨᠴᠢᠯᠠᠭᠰᠠᠨ ᠰᠤᠷᠭᠠᠭᠤᠯᠢᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠷᠤᠯᠳᠤᠭᠠᠨ ᠢᠶᠠᠷ ᠰᠤᠷᠭᠠᠭᠤᠯᠢᠯᠠᠯ ᠢ ᠠᠬᠢᠭᠤᠯᠵᠤ᠂ ᠭᠤᠣᠯᠳᠠᠯᠭ᠎ᠠ ᠲᠠᠢ ᠲᠠᠮᠢᠷᠴᠢᠨ ᠢ ᠰᠣᠩᠭᠤᠨ ᠪᠤᠶᠢᠺᠤ ᠪᠥᠮᠪᠥᠭᠡᠨ ᠤ ᠬᠥᠭᠵᠢᠯᠲᠡ ᠶᠢᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠤᠯᠤᠰ ᠲᠤ ᠣᠴᠢᠭᠤᠯᠤᠨ ᠰᠤᠷᠭᠠᠭᠤᠯᠢᠯᠠᠯ ᠬᠦᠷᠲᠡᠭᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ ᠤᠷᠤᠯᠳᠤᠭᠠᠨ ᠳᠤ ᠣᠷᠣᠯᠴᠠᠬᠤ ᠶᠢ ᠨᠢ ᠲᠡᠮᠵᠢᠵᠤ᠂ ᠪᠣᠳᠠᠲᠤ ᠣᠷᠣᠯᠳᠣᠭᠠᠨ ᠤ ᠲᠤᠷᠰᠢᠯᠭ᠎ᠠ ᠶᠢ ᠬᠤᠷᠠᠮᠳᠤᠭᠤᠯᠤᠨ᠎ᠠ᠃         ᠭᠤᠷᠪᠠ᠂ ᠲᠠᠯᠠᠪᠤᠷ ᠭᠠᠵᠠᠷ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠬᠡᠨ ᠠᠬᠢᠭᠤᠯᠤᠨ᠎ᠠ         ᠮᠣᠷᠢᠨᠳᠠᠪᠠᠭ᠎ᠠ ᠬᠤᠰᠢᠭᠤᠨ ᠤ ᠤᠯᠤᠰ ᠤᠨ ᠲᠠᠰ ᠤᠨ ᠪᠤᠶᠢᠺᠤ ᠪᠥᠮᠪᠥᠭᠡᠨ ᠤ ᠰᠤᠷᠭᠠᠭᠤᠯᠢᠯᠠᠯ ᠤᠨ ᠰᠠᠭᠤᠷᠢᠨ ᠭᠠᠵᠠᠷ ᠪᠠᠶᠢᠭᠤᠯᠬᠤ ᠳᠤ ᠨᠢ ᠳᠡᠮᠵᠢᠯᠭᠡ ᠦᠵᠡᠭᠦᠯᠵᠦ᠂ ᠣᠯᠠᠨ ᠤᠯᠤᠰ ᠤᠨ ᠤᠷᠤᠯᠳᠤᠭᠠᠨ ᠤ ᠠᠵᠢᠯᠯᠠᠭ᠎ᠠ ᠶᠢ ᠣᠷᠣᠭᠤᠯᠤᠨ ᠠᠪᠴᠢᠷᠠᠵᠤ᠂ ᠪᠤᠶᠢᠺᠤ ᠪᠥᠮᠪᠥᠭᠡᠨ ᠤ ᠤᠷᠤᠯᠳᠤᠭᠠᠨ ᠤ ᠠᠵᠢᠯᠯᠠᠭ᠎ᠠ ᠶᠢᠨ ᠴᠢᠨᠠᠷ ᠰᠠᠶᠢᠲᠠᠢ ᠰᠣᠯᠢᠯᠴᠠᠭᠠᠨ ᠤ ᠲᠠᠪᠴᠠᠩ ᠢ ᠪᠠᠶᠢᠭᠤᠯᠤᠨ᠎ᠠ᠃ ᠬᠥᠬᠡᠬᠤᠲᠠ ᠶᠢᠨ ᠣᠲᠣ ᠶᠢᠨ ᠪᠠᠶᠢᠭ᠎ᠠ ᠲᠠᠯᠠᠪᠤᠷ ᠭᠠᠵᠠᠷ ᠪᠡᠯᠡᠳᠬᠡᠮᠵᠢ ᠶᠢ ᠠᠰᠢᠭᠯᠠᠨ ᠭᠡᠷ ᠤᠨ ᠭᠠᠳᠠᠨᠠᠬᠢ ᠪᠤᠶᠢᠺᠤ ᠪᠥᠮᠪᠥᠭᠡᠨ ᠤ ᠰᠤᠷᠭᠠᠭᠤᠯᠢᠯᠠᠯ ᠤᠷᠤᠯᠳᠤᠭᠠᠨ ᠤ 2 ᠲᠠᠯᠠᠪᠤᠷ ᠭᠠᠵᠠᠷ ᠢ ᠥᠭᠡᠷᠡᠴᠢᠯᠡᠨ ᠪᠠᠶᠢᠭᠤᠯᠵᠤ᠂ ᠲᠤᠰᠬᠠᠢ ᠮᠡᠷᠭᠡᠵᠢᠯ ᠤᠨ ᠠᠩᠭᠢ ᠶᠢᠨ ᠰᠤᠷᠭᠠᠭᠤᠯᠢᠯᠠᠯ ᠭᠦᠷᠲᠡᠬᠦ ᠶᠢ ᠪᠠᠲᠤᠯᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠬᠡᠯᠪᠡᠷᠢ ᠶᠢᠨ ᠤᠷᠤᠯᠳᠤᠭᠠᠨ ᠪᠠ ᠰᠤᠷᠭᠠᠭᠤᠯᠢᠯᠠᠯ ᠤᠨ ᠡᠭᠦᠷᠭᠡ ᠶᠢ ᠳᠠᠭᠠᠭᠠᠵᠤ ᠠᠪᠤᠨ᠎ᠠ᠃ ᠮᠣᠷᠢᠨᠳᠠᠪᠠᠭ᠎ᠠ ᠬᠤᠰᠢᠭᠤᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ ᠶᠢ ᠨᠢ ᠳᠡᠮᠵᠢᠵᠦ᠂ ᠪᠤᠶᠢᠺᠤ ᠪᠥᠮᠪᠥᠭᠡᠨ ᠤ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢᠨ ᠲᠠᠯᠠᠪᠤᠷ ᠭᠠᠵᠠᠷ ᠪᠡᠯᠡᠳᠬᠡᠮᠵᠢ ᠶᠢ ᠵᠠᠰᠠᠵᠤ ᠪᠠᠶᠢᠭᠤᠯᠬᠤ ᠪᠠ ᠥᠭᠡᠷᠡᠴᠢᠯᠡᠵᠦ ᠪᠠᠶᠢᠭᠤᠯᠤᠨ᠎ᠠ᠃ ᠨᠥᠬᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠥᠨ ᠠᠮᠠ ᠶᠢᠨ ᠬᠡᠪᠴᠢᠶ᠎ᠡ᠂ ᠪᠠᠶᠢᠭᠠᠯᠢ ᠶᠢᠨ ᠨᠥᠬᠦᠴᠡᠯ᠂ ᠪᠦᠢᠺᠦ ᠪᠥᠮᠪᠥᠭᠡᠨ ᠤ ᠬᠥᠭᠵᠢᠯᠲᠡ ᠶᠢᠨ ᠰᠠᠭᠤᠷᠢ ᠪᠠᠨ ᠦᠨᠳᠦᠰᠦᠯᠡᠨ᠂ ᠨᠢᠭᠡ ᠪᠦᠯᠦᠭ ᠪᠦᠢᠺᠦ ᠪᠥᠮᠪᠥᠭᠡᠨ ᠤ ᠲᠠᠯᠠᠪᠤᠷ ᠭᠠᠵᠠᠷ ᠪᠡᠯᠡᠳᠬᠡᠮᠵᠢ ᠶᠢ ᠲᠥᠯᠥᠪᠯᠡᠭᠡ ᠲᠠᠢ ᠪᠠᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠪᠠᠶᠢᠭᠤᠯᠬᠤ ᠶᠢ ᠨᠢ ᠳᠡᠮᠵᠢᠨ᠎ᠡ᠃ 2026 ᠣᠨ ᠪᠣᠯᠬᠤ ᠳᠤ᠂ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠲᠦᠩᠯᠢᠶᠣᠣ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ ᠠᠶᠢᠮᠠᠭ ᠬᠤᠲᠠ ᠨᠤᠭᠤᠳ ᠲᠤ ᠰᠤᠷᠭᠠᠭᠤᠯᠢᠯᠠᠯ ᠤᠨ ᠲᠠᠯᠠᠪᠤᠷ ᠣᠷᠳᠣᠨ ᠪᠡᠯᠡᠳᠬᠡᠮᠵᠢ ᠶᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠯᠠᠨ ᠡᠰᠢᠵᠢᠭᠰᠡᠨ ᠪᠠᠲᠤᠯᠠᠭ᠎ᠠ ᠶᠢᠨ ᠪᠠᠶᠢᠷᠢᠰᠢᠯ ᠢ ᠪᠣᠶ ᠪᠣᠯᠭᠠᠨ᠎ᠠ᠃         ᠳᠥᠷᠪᠡ᠂ ᠪᠤᠶᠢᠺᠤ ᠪᠥᠮᠪᠥᠭᠡᠨ ᠤ ᠴᠢᠳᠠᠪᠤᠷᠢᠲᠠᠨ ᠬᠥᠮᠥᠵᠢᠭᠦᠯᠬᠦ ᠪᠠᠨ ᠲᠦᠷᠭᠡᠳᠬᠡᠨ᠎ᠡ         ᠡᠯ᠎ᠡ ᠠᠶᠢᠮᠠᠭ ᠬᠤᠲᠠ ᠨᠢ ᠡᠬᠢ ᠪᠠᠶᠠᠯᠢᠭ ᠢᠶᠠᠨ ᠭᠦᠢᠴᠡᠳ ᠠᠭᠤᠳᠠᠯᠵᠤ᠂ ᠬᠥᠭᠵᠢᠯᠲᠡ ᠶᠢᠨ ᠲᠤᠯᠭᠠᠮ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠳᠠᠪᠤᠷᠢᠲᠠᠨ ᠬᠥᠮᠥᠵᠢᠭᠦᠯᠬᠦ᠂ ᠣᠷᠣᠭᠤᠯᠵᠤ ᠠᠪᠴᠢᠷᠠᠬᠤ᠂ ᠦᠨᠡᠯᠡᠬᠦ᠂ ᠤᠷᠮᠠᠰᠢᠭᠤᠯᠵᠤ ᠪᠠᠲᠤᠯᠠᠬᠤ ᠵᠡᠷᠭᠡ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠮᠡᠳᠡᠯᠭᠡ ᠪᠠᠨ ᠰᠢᠨᠡᠳᠬᠡᠬᠦ᠂ ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭᠠᠨ ᠢ ᠦᠷᠭᠦᠯᠵᠢᠯᠡᠨ ᠬᠡᠷᠡᠭᠵᠢᠭᠦᠯᠵᠦ᠂ ᠪᠤᠶᠢᠺᠤ ᠪᠥᠮᠪᠥᠭᠡᠨ ᠤ ᠴᠢᠳᠠᠪᠤᠷᠢᠲᠠᠨ ᠬᠥᠮᠥᠵᠢᠭᠦᠯᠬᠦ ᠥᠨᠳᠦᠷᠯᠢᠭ ᠢ ᠪᠣᠢ ᠪᠣᠯᠭᠠᠨ᠎ᠠ᠃ ᠵᠠᠯᠠᠭᠤᠴᠤᠳ ᠪᠠᠭᠠᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠳᠤ ᠪᠤᠶᠢᠺᠤ ᠪᠥᠮᠪᠦᠭᠡ ᠶᠢ ᠲᠦᠭᠡᠮᠡᠯᠵᠢᠭᠦᠯᠬᠦ ᠬᠡᠪᠴᠢᠶ᠎ᠡ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ 2026 ᠣᠨ ᠪᠣᠯᠬᠤ ᠳᠤ᠂ ᠠᠶᠢᠮᠠᠭ ᠬᠤᠲᠠ ᠨᠢᠭᠡᠪᠦᠷᠢ ᠳᠤ ᠠᠳᠠᠭ ᠲᠤ ᠪᠠᠨ 1 ᠪᠤᠶᠢᠺᠤ ᠪᠥᠮᠪᠥᠭᠡᠨ ᠤ ᠵᠠᠯᠠᠭᠤᠴᠤᠳ ᠪᠠᠭᠠᠴᠤᠳ ᠤᠨ ᠠᠩᠭᠢ ᠵᠣᠬᠢᠶᠠᠨ ᠪᠠᠶᠢᠭᠤᠯᠤᠨ᠎ᠠ᠃ ᠬᠥᠯᠥᠨ ᠪᠤᠶᠢᠷ ᠬᠤᠲᠠ ᠶᠢᠨ ᠴᠢᠨᠠᠷ ᠰᠠᠶᠢᠲᠠᠢ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠤᠶᠢᠺᠤ ᠪᠥᠮᠪᠥᠭᠡᠨ ᠤ ᠲᠥᠷᠥᠯ ᠵᠦᠢᠯ ᠤᠨ ︽ᠰᠤᠷᠭᠠᠭᠤᠯᠢ ᠳᠡᠪᠰᠢᠬᠦ ᠳᠤ ᠰᠢᠭᠤᠳ ᠨᠡᠪᠲᠡᠷᠡᠬᠦ ᠲᠡᠷᠭᠡ︾ ᠪᠠᠶᠢᠭᠤᠯᠬᠤ ᠶᠢ ᠰᠦᠪᠡᠭᠴᠢᠯᠡᠵᠦ᠂ ᠬᠠᠷᠢᠴᠠᠩᠭᠤᠢ ᠲᠣᠭᠲᠠᠩᠭᠤᠢ᠂ ᠬᠤᠯᠪᠣᠯᠳᠤᠭᠤᠯᠵᠤ ᠠᠬᠢᠭᠤᠯᠤᠭᠰᠠᠨ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠲᠣᠭᠲᠠᠯᠴᠠᠭ᠎ᠠ ᠶᠢ ᠪᠣᠶ ᠪᠣᠯᠭᠠᠨ᠎ᠠ᠃ ᠴᠢᠳᠠᠪᠤᠷᠢᠲᠠᠨ ᠰᠣᠩᠭᠤᠬᠤ ᠬᠠᠷᠠᠭ᠎ᠠ ᠪᠠᠨ ᠥᠷᠭᠡᠵᠢᠭᠦᠯᠵᠦ᠂ ᠨᠥᠬᠦᠴᠡᠯ ᠳᠤ ᠨᠡᠶᠢᠴᠡᠬᠦ ᠪᠤᠶᠢᠺᠤ ᠪᠥᠮᠪᠥᠭᠡᠨ ᠤ ᠲᠠᠮᠢᠷᠴᠢᠳ ᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠠᠮᠢᠷᠴᠢᠨ ᠤ ᠣᠷᠣᠨ ᠲᠤᠭ᠎ᠠ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢᠯᠠᠯ ᠤᠨ ᠲᠤᠰᠬᠠᠢ ᠮᠡᠷᠭᠡᠵᠢᠯ ᠳᠤ ᠪᠤᠶᠢᠺᠤ ᠪᠥᠮᠪᠥᠭᠡᠨ ᠤ ᠰᠤᠷᠤᠯᠴᠠᠯᠭ᠎ᠠ ᠶᠢᠨ ᠴᠢᠭᠯᠡᠯ ᠢ ᠨᠡᠮᠡᠵᠦ ᠲᠣᠬᠢᠷᠠᠭᠤᠯᠬᠤ ᠶᠢ ᠠᠯᠬᠤᠮ ᠠᠯᠬᠤᠮ ᠢᠶᠠᠷ ᠰᠦᠪᠡᠭᠴᠢᠯᠡᠵᠦ᠂ ᠲᠠᠮᠢᠷᠴᠢᠳ ᠤᠨ ᠰᠤᠷᠭᠠᠭᠤᠯᠢ ᠳᠡᠪᠰᠢᠬᠦ ᠵᠠᠮ ᠮᠥᠷ ᠢ ᠰᠢᠯᠤᠭᠤᠳᠬᠠᠨ᠎ᠠ᠃         ᠲᠠᠪᠤ᠂ ᠰᠤᠷᠭᠠᠭᠤᠯᠢᠯᠠᠯ ᠤᠷᠤᠯᠳᠤᠭᠠᠨ ᠤ ᠠᠵᠢᠯᠯᠠᠭ᠎ᠠ ᠶᠢᠨ ᠲᠣᠭᠲᠠᠯᠴᠠᠭ᠎ᠠ ᠶᠢ ᠲᠦᠷᠭᠡᠬᠡᠨ ᠪᠠᠶᠢᠭᠤᠯᠤᠨ᠎ᠠ         ᠪᠤᠶᠢᠺᠤ ᠪᠥᠮᠪᠥᠭᠡᠨ ᠤ ᠰᠤᠷᠭᠠᠭᠤᠯᠢᠯᠠᠯ ᠤᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠵᠤ᠂ ᠨᠠᠰᠤᠨ ᠤ ᠦᠶ᠎ᠡ ᠶᠢ ᠨᠢ ᠦᠨᠳᠦᠰᠦᠯᠡᠨ ᠬᠥᠭᠵᠢᠯᠲᠡ ᠶᠢᠨ ᠬᠠᠷᠠᠯᠲᠠ᠂ ᠣᠬᠤᠷ ᠬᠤᠭᠤᠴᠠᠭᠠᠨ ᠤ ᠡᠭᠦᠷᠭᠡ᠂ ᠰᠤᠷᠭᠠᠭᠤᠯᠢᠯᠠᠯ ᠤᠨ ᠠᠭᠤᠯᠭ᠎ᠠ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠤᠰᠬᠠᠢ ᠮᠡᠷᠭᠡᠵᠢᠯ ᠤᠨ ᠠᠩᠭᠢ ᠬᠢᠭᠡᠳ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢᠨ ᠬᠠᠮᠲᠤᠷᠠᠨ ᠠᠵᠢᠯᠯᠠᠬᠤ ᠬᠡᠪ ᠵᠠᠭᠪᠤᠷ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠥᠭᠡᠳ ᠵᠢᠷᠣᠮᠵᠢᠭᠤᠨ᠂ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠰᠤᠷᠭᠠᠭᠤᠯᠢᠯᠠᠯ ᠤᠨ ᠲᠣᠭᠲᠠᠯᠴᠠᠭ᠎ᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠥᠭᠡᠨ ᠤ ᠱᠠᠩᠨᠠᠯᠲᠤ ᠤᠷᠤᠯᠳᠤᠭᠠᠨ ᠢ ᠰᠠᠶᠢᠲᠤᠷ ᠠᠳᠬᠤᠵᠤ᠂ 12 ᠨᠠᠰᠤ᠂ 14 ᠨᠠᠰᠤ ᠵᠡᠷᠭᠡ ᠨᠠᠰᠤᠨ ᠤ ᠦᠶ᠎ᠡ ᠶᠢᠨ U ᠰᠢᠷᠢᠰ ᠤᠷᠤᠯᠳᠤᠭᠠᠨ ᠤ ᠠᠵᠢᠯᠯᠠᠭ᠎ᠠ ᠶᠢ ᠨᠡᠮᠡᠨ ᠲᠣᠬᠢᠷᠠᠭᠤᠯᠵᠤ᠂ ᠤᠷᠤᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠤᠨ᠎ᠠ᠃ ᠨᠥᠬᠦᠴᠡᠯ ᠲᠠᠢ ᠠᠶᠢᠮᠠᠭ ᠬᠤᠲᠠ ᠶᠢᠨ ᠬᠢᠨ ᠤ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠨᠠᠷᠠᠲᠤ ᠲᠡᠮᠳᠡᠭ ᠤᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠢ ᠭᠤᠶᠤᠴᠢᠯᠠᠨ ᠡᠷᠬᠢᠯᠡᠵᠦ ᠳᠠᠭᠠᠭᠠᠨ ᠭᠦᠢᠴᠡᠳᠬᠡᠵᠦ᠂ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠥᠭᠡᠨ ᠤ ᠵᠤᠨ ︵ᠡᠪᠦᠯ︶ ᠤ ᠠᠮᠠᠷᠠᠯᠲᠠ ᠶᠢᠨ ᠭᠠᠵᠠᠷ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠥᠭᠡᠨ ᠤ ᠤᠷᠢᠯᠭ᠎ᠠ ᠶᠢᠨ ᠤᠷᠤᠯᠳᠤᠭᠠᠨ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠭᠦ ᠶᠢ ᠨᠢ ᠵᠣᠷᠢᠭᠵᠢᠭᠤᠯᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ᠂ ᠰᠢᠰᠲ᠋ᠧᠮ ᠲᠠᠢ ᠪᠥᠭᠡᠳ ᠪᠦᠷᠢᠨ ᠲᠡᠭᠦᠯᠳᠡᠷ᠂ ᠠᠮᠢᠵᠢᠷᠠᠯ ᠤᠨ ᠬᠦᠴᠦᠨ ᠪᠢᠯᠬᠠᠭᠰᠠᠨ ᠤᠷᠤᠯᠳᠤᠭᠠᠨ ᠤ ᠠᠵᠢᠯᠯᠠᠭᠠᠨ ᠤ ᠲᠣᠭᠲᠠᠯᠴᠠᠭ᠎ᠠ ᠶᠢ ᠪᠦᠷᠢᠯᠳᠦᠭᠦᠯᠦᠨ᠎ᠡ᠃         ᠵᠢᠷᠭᠤᠭ᠎ᠠ᠂ ᠪᠤᠶᠢᠺᠤ ᠪᠥᠮᠪᠥᠭᠡᠨ ᠤ ᠠᠵᠤ ᠦᠢᠯᠡᠰ ᠢ ᠲᠦᠷᠭᠡᠬᠡᠨ ᠬᠥᠭᠵᠢᠭᠦᠯᠦᠨ᠎ᠡ         ᠡᠯ᠎ᠡ ᠭᠠᠵᠠᠷ ᠣᠷᠣᠨ ᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠦᠢᠺᠦ ᠪᠥᠮᠪᠦᠭᠡ ᠮᠥᠷᠦ᠋ᠢᠴᠡᠬᠦ ᠲᠣᠭᠯᠠᠯᠲᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠢ ᠬᠥᠭᠵᠢᠭᠦᠯᠬᠦ ᠶᠢ ᠨᠢ ᠵᠣᠷᠢᠭᠵᠢᠭᠤᠯᠵᠤ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠪᠠᠨ ᠪᠠᠶᠠᠯᠢᠭᠵᠢᠭᠤᠯᠤᠨ᠂ ᠤᠷᠤᠯᠳᠤᠭᠠᠨ ᠤ ᠠᠵᠢᠯᠯᠠᠭᠠᠨ ᠤ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠵᠤ᠂ ᠨᠠᠩ ᠣᠯᠠᠨ ᠰᠢᠭᠢᠣᠡᠭᠡᠯᠳᠣ ᠮᠠᠶ᠋ᠢᠭ ᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠦᠢᠯᠡᠳᠬᠦᠨ ᠪᠠ ᠦᠢᠯᠡᠴᠢᠯᠡᠭᠡ ᠶᠢ ᠰᠡᠳᠦᠵᠦ᠂ ᠪᠦᠢᠺᠦ ᠪᠥᠮᠪᠥᠭᠡᠨ ᠤ ᠬᠥᠳᠡᠯᠭᠡᠭᠡᠨ ᠬᠢᠭᠡᠳ ᠰᠣᠶᠣᠯ᠂ ᠵᠢᠭᠤᠯᠴᠢᠯᠠᠯ ᠵᠡᠷᠭᠡ ᠶᠢᠨ ᠠᠭᠤᠰᠤᠯᠴᠠᠨ ᠬᠥᠭᠵᠢᠬᠦ ᠰᠢᠨ᠎ᠡ ᠡᠵᠡᠩᠨᠡᠯᠲᠡ ᠶᠢᠨ ᠪᠠᠶᠢᠳᠠᠯ ᠢ ᠠᠬᠢᠭᠤᠯᠤᠨ᠎ᠠ᠃ ᠮᠣᠷᠢᠨᠳᠠᠪᠠᠭ᠎ᠠ ᠬᠤᠰᠢᠭᠤᠨ ᠤ ᠪᠤᠶᠢᠺᠤ ᠪᠥᠮᠪᠥᠭᠡᠨ ᠤ ᠠᠵᠤ ᠦᠢᠯᠡᠰ ᠤᠨ ᠬᠥᠭᠵᠢᠯᠲᠡ ᠶᠢᠨ ᠥᠨᠳᠦᠷᠯᠢᠭ ᠪᠠᠶᠢᠭᠤᠯᠬᠤ ᠳᠤ ᠨᠢ ᠳᠡᠮᠵᠢᠯᠭᠡ ᠦᠵᠡᠭᠦᠯᠦᠨ᠎ᠡ᠃         ᠳᠣᠯᠤᠭ᠎ᠠ᠂ ᠪᠤᠶᠢᠺᠤ ᠪᠥᠮᠪᠥᠭᠡᠨ ᠤ ᠰᠣᠶᠣᠯ ᠢ ᠲᠦᠷᠭᠡᠬᠡᠨ ᠪᠤᠶᠢᠵᠢᠭᠤᠯᠤᠨ᠎ᠠ         ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠢᠺᠦ ᠪᠥᠮᠪᠥᠭᠡᠨ ᠤ ᠰᠣᠶᠣᠯ ᠤᠨ ᠥᠪᠡᠷᠮᠢᠴᠡ ᠡᠭᠦᠰᠦᠯ ᠵᠢᠴᠢ ᠬᠥᠭᠵᠢᠯᠲᠡ ᠶᠢᠨ ᠶᠠᠪᠤᠴᠠ ᠶᠢ ᠭᠦᠨᠵᠡᠭᠡᠢ ᠠᠭᠤᠳᠠᠯᠤᠨ᠂ ᠪᠦᠢᠺᠦ ᠪᠥᠮᠪᠥᠭᠡᠨ ᠤ ᠰᠣᠶᠣᠯ ᠤᠨ ᠤᠬᠢ ᠰᠣᠳᠣ ᠶᠢ ᠠᠭᠤᠳᠠᠯᠤᠨ ᠭᠠᠷᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠠᠭᠤᠰᠤᠯᠴᠠᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠠᠪᠴᠠᠩ ᠢ ᠴᠣᠭᠴᠠᠯᠠᠨ ᠪᠠᠶᠢᠭᠤᠯᠤᠨ᠎ᠠ᠃ ᠳᠠᠭᠤᠷ ᠦᠨᠳᠦᠰᠦᠲᠡᠨ ᠤ ᠤᠯᠠᠮᠵᠢᠯᠠᠯᠲᠤ ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠪᠠᠨ ᠴᠢᠩᠭᠠᠳᠬᠠᠵᠤ᠂ ᠮᠣᠷᠢᠨᠳᠠᠪᠠᠭ᠎ᠠ ᠬᠤᠰᠢᠭᠤᠨ ᠤ ᠪᠤᠶᠢᠺᠤ ᠪᠥᠮᠪᠥᠭᠡᠨ ᠤ ᠰᠤᠳᠤᠯᠭᠠᠨ ᠰᠤᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠤᠶᠢᠺᠤ ᠪᠥᠮᠪᠥᠭᠡᠨ ᠤ ᠰᠣᠶᠣᠯ ᠪᠠ ᠤᠷᠤᠯᠳᠤᠭᠠᠨ ᠤ ᠠᠵᠢᠯᠯᠠᠭ᠎ᠠ ᠶᠢ ᠤᠬᠠᠭᠤᠯᠤᠨ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠣᠯᠠᠨ ᠲᠦᠮᠡᠨ ᠤ ᠲᠠᠭᠠᠰᠢᠶᠠᠵᠤ ᠪᠠᠭ᠋ᠠᠰᠢᠶᠠᠬᠤ ᠠᠷᠭ᠎ᠠ ᠮᠠᠶ᠋ᠢᠭ ᠪᠠ ᠠᠷᠭ᠎ᠠ ᠵᠠᠮ ᠢ ᠠᠰᠢᠭᠯᠠᠨ ᠪᠤᠶᠢᠺᠤ ᠪᠥᠮᠪᠥᠭᠡᠨ ᠤ ᠲᠤᠬᠠᠢ ᠰᠠᠶᠢᠲᠤᠷ ᠦᠯᠢᠭᠡᠷᠯᠡᠨ ᠶᠠᠷᠢᠵᠤ᠂ ᠪᠤᠶᠢᠺᠤ ᠪᠥᠮᠪᠥᠭᠡᠨ ᠤ ᠮᠡᠳᠡᠯᠭᠡ ᠶᠢ ᠲᠦᠭᠡᠮᠡᠯᠵᠢᠭᠦᠯᠦᠨ᠂ ᠪᠤᠶᠢᠺᠤ ᠪᠥᠮᠪᠥᠭᠡᠨ ᠤ ᠲᠤᠬᠠᠢ ᠣᠯᠠᠨ ᠨᠡᠶᠢᠲᠡ ᠶᠢᠨ ᠲᠠᠨᠢᠨ ᠮᠡᠳᠡᠬᠦ ᠬᠡᠮᠵᠢᠶ᠎ᠡ ᠪᠠ ᠬᠠᠯᠠᠮᠵᠢᠯᠠᠨ ᠠᠩᠬᠠᠷᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃         ᠨᠠᠢᠮᠠ᠂ ᠳᠡᠮᠵᠢᠵᠦ ᠪᠠᠲᠤᠯᠠᠬᠤ ᠡᠷᠴᠢᠮ ᠢᠶᠠᠨ ᠴᠢᠩᠭᠠᠷᠠᠭᠤᠯᠤᠨ᠎ᠠ         ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ ᠬᠡᠷᠡᠭᠴᠡᠭᠡ ᠪᠠᠨ ᠦᠨᠳᠦᠰᠦᠯᠡᠨ ᠵᠣᠬᠢᠬᠤ ᠬᠡᠮᠵᠢᠶᠡᠨ ᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠤᠶᠢᠺᠤ ᠪᠥᠮᠪᠥᠭᠡᠨ ᠤ ᠲᠠᠯᠠᠪᠤᠷ ᠣᠷᠳᠣᠨ ᠲᠠᠯᠠᠪᠤᠷ ᠭᠠᠵᠠᠷ ᠪᠡᠯᠡᠳᠬᠡᠮᠵᠢ ᠶᠢ ᠪᠦᠲᠦᠭᠡᠨ ᠪᠠᠶᠢᠭᠤᠯᠬᠤ᠂ ᠪᠠᠭᠠᠵᠢ ᠬᠡᠷᠡᠭᠰᠡᠯ ᠬᠤᠳᠠᠯᠳᠤᠨ ᠠᠪᠬᠤ᠂ ᠴᠢᠳᠠᠪᠤᠷᠢᠲᠠᠨ ᠢ ᠣᠷᠣᠭᠤᠯᠵᠤ ᠠᠪᠴᠢᠷᠠᠬᠤ᠂ ᠪᠣᠯᠪᠠᠰᠤᠷᠠᠯ ᠰᠣᠯᠢᠯᠴᠠᠭ᠎ᠠ ᠬᠢᠬᠦ᠂ ᠭᠠᠳᠠᠭᠠᠳᠤ ᠳᠤ ᠭᠠᠷᠴᠤ ᠰᠤᠷᠭᠠᠭᠤᠯᠢᠯᠠᠯ ᠬᠦᠷᠲᠡᠵᠦ ᠤᠷᠤᠯᠳᠤᠭᠠᠨ ᠳᠤ ᠣᠷᠤᠯᠴᠠᠬᠤ ᠵᠡᠷᠭᠡ ᠶᠢ ᠨᠢ ᠳᠡᠮᠵᠢᠨ᠎ᠡ᠃ ᠪᠤᠶᠢᠺᠤ ᠪᠥᠮᠪᠥᠭᠡᠨ ᠤ ᠲᠠᠮᠢᠷᠴᠢᠳ ᠤᠨ ᠠᠯᠪᠠᠨ ᠠᠴᠠ ᠪᠠᠭᠤᠬᠤ᠂ ᠠᠵᠢᠯ ᠤᠨ ᠪᠠᠶᠢᠷᠢ ᠰᠣᠯᠢᠬᠤ᠂ ᠠᠵᠢᠯ ᠣᠯᠭᠤᠬᠤ ᠠᠵᠢᠯ ᠤᠳ ᠢ ᠢᠳᠡᠪᠬᠢᠲᠡᠢ ᠰᠠᠶᠢᠲᠤᠷ ᠬᠢᠵᠦ᠂ ᠡᠯ᠎ᠡ ᠠᠶᠢᠮᠠᠭ ᠬᠤᠲᠠ᠂ ᠡᠯ᠎ᠡ ᠶᠡᠭᠡ ᠳᠡᠭᠡᠳᠦ ᠰᠤᠷᠭᠠᠭᠤᠯᠢ ᠨᠢ ᠶᠡᠭᠡ ᠳᠤᠮᠳᠠᠳᠤ ᠪᠠᠭ᠎ᠠ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠲᠣᠬᠢᠷᠠᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠶᠣᠰᠣᠭᠠᠷ᠂ ᠬᠡᠷᠡᠭᠴᠡᠭᠡ ᠪᠠᠨ ᠦᠨᠳᠦᠰᠦᠯᠡᠨ ᠪᠤᠶᠢᠺᠤ ᠪᠥᠮᠪᠥᠭᠡᠨ ᠤ ᠰᠤᠷᠭᠠᠭᠴᠢ ᠶᠢᠨ ᠠᠵᠢᠯ ᠤᠨ ᠪᠠᠶᠢᠷᠢ ᠶᠢ ᠲᠣᠬᠢᠷᠠᠭᠤᠯᠵᠤ᠂ ᠮᠡᠷᠭᠡᠵᠢᠯ ᠤᠨ ᠴᠣᠯᠠ ᠰᠢᠯᠭᠠᠷᠠᠭᠤᠯᠬᠤ ᠪᠠ ᠤᠷᠢᠵᠤ ᠬᠡᠷᠡᠭᠯᠡᠬᠦ ᠪᠠᠷᠢᠮᠵᠢᠶ᠎ᠠ ᠪᠠᠨ ᠲᠡᠭᠦᠯᠳᠡᠷᠵᠢᠭᠦᠯᠦᠨ᠂ ᠪᠤᠶᠢᠺᠤ ᠪᠥᠮᠪᠥᠭᠡᠨ ᠤ ᠰᠤᠷᠭᠠᠭᠴᠢ ᠶᠢᠨ ᠮᠡᠷᠭᠡᠵᠢᠯ ᠤᠨ ᠴᠣᠯᠠ ᠳᠡᠪᠰᠢᠬᠦ᠂ ᠵᠢᠭᠠᠨ ᠰᠤᠷᠭᠠᠯᠲᠠ ᠶᠢᠨ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠦᠨᠡᠯᠡᠨ ᠲᠣᠭᠲᠠᠭᠠᠬᠤ ᠵᠡᠷᠭᠡ ᠲᠠᠯ᠎ᠠ ᠳᠤ ᠡᠯ᠎ᠡ ᠬᠢᠴᠢᠶᠡᠯ ᠲᠥᠷᠥᠯ ᠤᠨ ᠪᠠᠭᠰᠢ ᠯᠤᠭ᠎ᠠ ᠠᠳᠠᠯᠢᠬᠠᠨ ᠣᠯᠭᠤᠮᠵᠢ ᠬᠠᠷᠠᠭᠠᠯᠵᠠᠯ ᠭᠥᠷᠳᠡᠬᠦ ᠶᠢ ᠨᠢ ᠦᠨᠡᠨ ᠬᠦ ᠪᠠᠲᠤᠯᠠᠬᠤ ᠬᠡᠷᠡᠭᠲᠡᠢ᠃         ᠶᠢᠰᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ         ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠤᠶᠢᠺᠤ ᠪᠥᠮᠪᠥᠭᠡᠨ ᠤ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠪᠥᠬᠦ ᠣᠷᠣᠨ ᠤ ᠪᠤᠶᠢᠺᠤ ᠪᠥᠮᠪᠥᠭᠡᠨ ᠤ ᠡᠩᠨᠡᠭᠡ ᠶᠢᠨ ᠪᠠᠶᠢᠭᠤᠯᠤᠯᠲᠠ᠂ ᠲᠠᠯᠠᠪᠤᠷ ᠭᠠᠵᠠᠷ ᠤᠨ ᠪᠠᠲᠤᠯᠠᠭ᠎ᠠ᠂ ᠤᠷᠤᠯᠳᠤᠭᠠᠨ ᠤ ᠠᠵᠢᠯᠯᠠᠭ᠎ᠠ ᠵᠡᠷᠭᠡ ᠶᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠵᠢᠯᠣᠭᠤᠳᠤᠯᠭ᠎ᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠡᠯ᠎ᠡ ᠵᠦᠢᠯ ᠤᠨ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠪᠦᠢᠺᠦ ᠪᠥᠮᠪᠥᠭᠡᠨ ᠤ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠦᠢᠺᠦ ᠪᠥᠮᠪᠥᠭᠡᠨ ᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠡᠯᠡ ᠮᠥᠩᠭᠦᠨ ᠤ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠮᠣᠷᠢᠨᠳᠠᠪᠠᠭ᠎ᠠ ᠬᠤᠰᠢᠭᠤᠨ ᠤ ᠪᠤᠶᠢᠺᠤ ᠪᠥᠮᠪᠥᠭᠡᠨ ᠤ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠵᠢᠯ ᠤᠨ ᠵᠣᠯᠭᠠᠭᠤᠯᠤᠯᠲᠠ ᠪᠠᠨ ᠴᠢᠩᠭᠠᠳᠬᠠᠨ᠂ ᠡᠯ᠎ᠡ ᠵᠦᠢᠯ ᠤᠨ ᠡᠭᠦᠷᠭᠡ ᠪᠠᠨ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠪᠤᠶᠢᠺᠤ ᠪᠥᠮᠪᠥᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃                                                             2024 ᠣᠨ ᠤ 5 ᠳ᠋ᠤᠭᠠᠷ ᠰᠠᠷ᠎ᠠ ᠶᠢᠨ 9 ᠤ ᠡᠳᠦᠷ         ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                      2024 ᠣᠨ ᠤ 5 ᠳ᠋ᠤᠭᠠᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ