ᠥᠪᠥᠷ ᠰᠤᠷᠭᠠᠨ ᠦᠵᠡᠯ ᠰᠠᠨᠠᠭ᠎ᠠ ᠤᠯᠤᠰ ᠲᠥᠷᠥ ᠪᠢᠴᠢᠭ ﹇2020﹈ 53 ᠳ᠋ᠤᠭᠠᠷ ᠲᠣᠭᠠᠲᠤ | | | ᠡᠯ᠎ᠡ ᠶᠡᠭᠡ ᠳᠡᠭᠡᠳᠦ ᠰᠤᠷᠭᠠᠭᠤᠯᠢ ᠳᠤ᠄ | ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠳᠣᠯᠣᠭᠠᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ | ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠰᠬᠠᠢ ᠠᠵᠢᠯᠯᠠᠭᠠᠨ ᠤ ᠲᠥᠯᠥᠪᠯᠡᠭᠡ ︵ | 2021 - 2025 ᠣᠨ︶︾ ︵ᠰᠤᠷᠭᠠᠨ ᠪᠡᠶ᠎ᠡ ᠶᠢᠨ ᠲᠠᠮᠢᠷ ᠤᠷᠠᠯᠢᠭ ﹇2023﹈ 1 ᠳ᠋ᠦ᠋ᠭᠡᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠤᠨ ᠠᠵᠢᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠡᠳᠬᠢᠴᠡ ᠶᠢᠨ | ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠪᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 2024 | ᠣᠨ ᠤ 11 ᠳ᠋ᠦ᠋ᠭᠡᠷ ᠰᠠᠷ᠎ᠠ ᠳᠤ᠂ ᠮᠠᠨ ᠤ ᠲᠢᠩᠬᠢᠮ ᠠᠴᠠ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ | ᠪᠠᠭᠰᠢ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠢ ᠡᠷᠬᠢᠯᠡᠵᠦ᠂ ᠡᠯ᠎ᠡ ᠶᠡᠭᠡ ᠳᠡᠭᠡᠳᠦ ᠰᠤᠷᠭᠠᠭᠤᠯᠢ ᠠᠴᠠ ᠠᠩᠬᠠᠨ ᠤ ᠤᠷᠤᠯᠳᠤᠭᠠᠨ ᠳᠤ ᠲᠠᠨᠢᠯᠴᠠᠭᠤᠯᠬᠤ᠂ | ᠥᠪᠡᠷᠲᠡᠭᠡᠨ ᠵᠠᠰᠠᠬᠤ ᠣᠷᠣᠨ ᠬᠤᠶᠠᠳᠠᠬᠢ ᠤᠷᠤᠯᠳᠤᠭᠠᠨ ᠢᠶᠠᠷ ᠰᠢᠯᠭᠠᠷᠠᠭᠤᠯᠬᠤ᠂ ᠰᠢᠢᠳᠪᠦᠷᠢᠲᠦ ᠤᠷᠤᠯᠳᠤᠭᠠᠨ ᠳᠤ ᠠᠬᠤᠢ ᠲᠠᠯᠠᠪᠠᠢ ᠳᠤ ᠲᠤᠰᠬᠠᠢ ᠮᠡᠷᠭᠡᠵᠢᠯᠲᠡᠨ | ᠬᠤᠪᠢ ᠲᠣᠭᠲᠠᠭᠠᠬᠤ ᠪᠠᠷ ᠳᠠᠮᠵᠢᠨ᠂ ᠱᠠᠩᠨᠠᠯ ᠭᠦᠷᠲᠡᠭᠰᠡᠳ ᠢ ᠨᠡᠶᠢᠲᠡᠯᠡᠪᠡ ︵ᠳᠠᠭᠠᠯᠳᠤᠭᠤᠯᠤᠯ ᠳᠤ ᠦᠵᠡᠭᠡᠷᠡᠢ︶᠃ ᠡᠯ᠎ᠡ ᠶᠡᠭᠡ ᠳᠡᠭᠡᠳᠦ ᠰᠤᠷᠭᠠᠭᠤᠯᠢ | ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠰᠡᠳᠬᠢᠴᠡ ᠶᠢᠨ | ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠬᠥᠮᠦᠨ ᠬᠥᠮᠦᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠳᠬᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠰᠢᠨᠵᠢᠯᠡᠬᠦ ᠤᠬᠠᠭᠠᠨᠴᠢᠯᠠᠬᠤ᠂ ᠲᠤᠰᠬᠠᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ | ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ | ᠬᠡᠷᠡᠭᠲᠡᠢ᠃ | ᠳᠠᠭᠠᠯᠳᠤᠭᠤᠯᠤᠯ᠄ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢᠨ ᠦᠨᠳᠦᠰᠦᠨ | ᠴᠢᠳᠠᠪᠤᠷᠢ ᠶᠢᠨ ᠤᠷᠤᠯᠳᠤᠭᠠᠨ ᠳᠤ ᠱᠠᠩᠨᠠᠯ ᠭᠦᠷᠲᠡᠭᠰᠡᠳ ᠤᠨ ᠨᠡᠷᠡᠰ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | | 2024 ᠣᠨ ᠤ 11 ᠰᠠᠷ᠎ᠠ ᠶᠢᠨ 22 ᠤᠨ ᠡᠳᠦᠷ | |