ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ︽ᠳᠣᠣᠷ᠎ᠠ ᠤᠳᠠᠭᠠᠨ ᠪᠠᠭ᠎ᠠ︾ ᠨᠢᠰᠦᠭᠦᠷ ᠤᠨ ᠨᠢᠰᠦᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2024/3/1
        ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠬᠥᠯᠥᠨ ᠪᠤᠶᠢᠷ ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ ᠠᠭᠠᠷ ᠤᠨ ᠣᠷᠣᠨ ᠤ ᠠᠮᠤᠷ ᠲᠦᠪᠰᠢᠨ ᠢ ᠬᠠᠮᠠᠭᠠᠯᠠᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠨᠢᠰᠦᠯᠲᠡ ᠶᠢᠨ ᠠᠵᠢᠯᠯᠠᠭ᠎ᠠ ᠶᠢ ᠡᠷᠡᠰ ᠬᠤᠷᠢᠭᠯᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠰᠦᠯᠲᠡ ᠶᠢᠨ ᠦᠨᠳᠦᠰᠦᠨ ᠳᠦᠷᠢᠮ︾ ︽ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠦᠯᠲᠡ ᠶᠢᠨ ᠬᠠᠮᠢᠶᠠᠷᠬᠤ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠳᠦᠭᠡ ᠮᠠᠨ ᠤ ᠬᠤᠲᠠ ᠶᠢᠨ ︽ᠳᠣᠣᠷ᠎ᠠ ᠤᠳᠠᠭᠠᠨ ᠪᠠᠭ᠎ᠠ︾ ᠠᠭᠠᠷ ᠤᠨ ᠨᠢᠰᠦᠭᠦᠷ ᠤᠨ ᠨᠢᠰᠦᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄         ᠨᠢᠭᠡ᠂ ᠬᠠᠮᠢᠶᠠᠷᠤᠨ ᠡᠵᠡᠮᠳᠡᠬᠦ ᠡᠲᠡᠭᠡᠳ         ᠬᠠᠮᠢᠶᠠᠷᠤᠨ ᠡᠵᠡᠮᠳᠡᠬᠦ ᠡᠲᠡᠭᠡᠳ ᠨᠢ ︽ᠳᠣᠣᠷ᠎ᠠ ᠤᠳᠠᠭᠠᠨ ᠪᠠᠭ᠎ᠠ︾ ᠠᠭᠠᠷ ᠤᠨ ᠨᠢᠰᠦᠭᠦᠷ ᠪᠠᠶᠢᠵᠤ᠂ ᠲᠤᠬᠠᠶᠢᠯᠠᠪᠠᠯ᠄ ᠨᠢᠰᠦᠯᠲᠡ ᠶᠢᠨ ᠥᠨᠳᠥᠷ ᠤᠨ ᠬᠡᠮᠵᠢᠶ᠎ᠡ ᠨᠢ ᠳᠣᠣᠷ᠎ᠠ᠂ ᠨᠢᠰᠬᠦ ᠬᠤᠷᠳᠤᠴᠠ ᠨᠢ ᠤᠳᠠᠭᠠᠨ᠂ ᠷᠠᠳᠠᠷ ᠤᠨ ᠣᠶᠢᠯᠲᠠ ᠶᠢᠨ ᠲᠠᠯᠠᠪᠠᠢ ᠨᠢ ᠪᠠᠭ᠎ᠠ ᠠᠭᠠᠷ ᠤᠨ ᠨᠢᠰᠦᠭᠦᠷ᠂ ᠭᠤᠣᠯᠳᠠᠭᠤ ᠬᠥᠩᠭᠡᠨ ᠬᠡᠯᠪᠡᠷᠢ ᠶᠢᠨ ᠪᠠ ᠭᠡᠳᠦ ᠬᠥᠩᠭᠡᠨ ᠬᠡᠯᠪᠡᠷᠢ ᠶᠢᠨ ᠨᠢᠰᠬᠡᠯ ︵ᠬᠥᠩᠭᠡᠨ ᠬᠡᠯᠪᠡᠷᠢ ᠶᠢᠨ ᠪᠠ ᠭᠡᠳᠦ ᠬᠥᠩᠭᠡᠨ ᠬᠡᠯᠪᠡᠷᠢ ᠶᠢᠨ ᠡᠭᠴᠡ ᠨᠢᠰᠬᠡᠯ ᠪᠠᠭᠲᠠᠨ᠎ᠠ︶᠂ ᠬᠠᠯᠢᠬᠤ ᠨᠢᠰᠬᠡᠯ᠂ ᠭᠤᠷᠪᠠᠯᠵᠢᠨ ᠵᠢᠬᠦᠷ᠂ ᠬᠥᠳᠡᠯᠭᠡᠭᠴᠢ ᠬᠦᠴᠦᠲᠦ ᠭᠤᠷᠪᠠᠯᠵᠢᠨ ᠵᠢᠬᠦᠷ᠂ ᠬᠥᠮᠥᠨ ᠰᠠᠭᠤᠯᠭᠠᠭᠰᠠᠨ ᠬᠡᠶᠢᠲᠦ ᠪᠥᠮᠪᠦᠭᠡ ︵ᠬᠠᠯᠠᠭᠤᠨ ᠬᠡᠶᠢᠲᠦ ᠪᠥᠮᠪᠦᠭᠡ︶᠂ ᠨᠢᠰᠬᠦ ᠣᠩᠭᠤᠴᠠ᠂ ᠬᠠᠯᠢᠬᠤ ᠰᠢᠬᠦᠷ᠂ ᠬᠥᠳᠡᠯᠭᠡᠭᠴᠢ ᠬᠦᠴᠦᠲᠦ ᠬᠠᠯᠢᠬᠤ ᠰᠢᠬᠦᠷ᠂ ᠵᠢᠯᠣᠭᠤᠴᠢ ᠦᠭᠡᠢ ᠨᠢᠰᠬᠡᠯ᠂ ᠠᠭᠠᠷ ᠤᠨ ᠠᠶᠠᠯᠠᠯ ᠤᠨ ᠵᠠᠭᠪᠤᠷ᠂ ᠵᠢᠯᠣᠭᠤᠴᠢ ᠤᠶᠢᠭᠡᠢ ᠨᠢᠰᠬᠡᠯ ᠤᠨ ᠵᠢᠯᠤᠭᠤᠳᠬᠤ ᠴᠢᠯᠦᠭᠡᠲᠦ ᠬᠡᠢ ᠪᠥᠮᠪᠦᠭᠡ᠂ ᠤᠶᠠᠭᠠᠰᠤᠳᠤ ᠬᠡᠢ ᠪᠥᠮᠪᠦᠭᠡ ᠵᠡᠷᠭᠡ 12 ᠲᠦᠷᠦᠯ ᠢ ᠪᠠᠭᠲᠠᠭᠠᠨ᠎ᠠ᠃         ᠬᠤᠶᠠᠷ᠂ ᠬᠠᠮᠢᠶᠠᠷᠤᠨ ᠡᠵᠡᠮᠳᠡᠬᠦ ᠴᠠᠭ ᠬᠤᠭᠤᠴᠠᠭ᠎ᠠ ᠪᠠ ᠣᠷᠣᠨ ᠪᠦᠰᠡ         ︵ᠨᠢᠭᠡ︶ 2024 ᠣᠨ ᠤ 1 ᠰᠠᠷ᠎ᠠ ᠶᠢᠨ 7 ᠤ ᠡᠳᠦᠷ ᠤᠨ 0 ᠴᠠᠭ ᠠᠴᠠ 2024 ᠣᠨ ᠤ 1 ᠰᠠᠷ᠎ᠠ ᠶᠢᠨ 19 ᠤ ᠡᠳᠦᠷ ᠤᠨ 24 ᠴᠠᠭ ᠪᠣᠯᠲᠠᠯ᠎ᠠ᠂ ᠬᠠᠶᠢᠯᠠᠷ ᠲᠤᠭᠤᠷᠢᠭ ᠤᠨ ᠵᠠᠰᠠᠭ ᠵᠠᠬᠢᠷᠭᠠᠨ ᠤ ᠤᠷᠤᠨ ᠪᠦᠰᠡ ᠶᠢᠨ ᠬᠡᠪᠴᠢᠶᠡᠨ ᠳᠤ᠃         ︵ᠬᠤᠶᠠᠷ︶ 2024 ᠣᠨ ᠤ 1 ᠰᠠᠷ᠎ᠠ ᠶᠢᠨ 28 ᠤ ᠡᠳᠦᠷ ᠤᠨ 0 ᠴᠠᠭ ᠠᠴᠠ 2024 ᠣᠨ ᠤ 2 ᠰᠠᠷ᠎ᠠ ᠶᠢᠨ 1 ᠤ ᠡᠳᠦᠷ ᠤᠨ 24 ᠴᠠᠭ ᠪᠣᠯᠲᠠᠯ᠎ᠠ᠂ ᠵᠠᠯᠠᠨ ᠠᠶᠢᠯ ᠬᠤᠲᠠ ᠶᠢᠨ ᠵᠠᠰᠠᠭ ᠵᠠᠬᠢᠷᠭᠠᠨ ᠤ ᠤᠷᠤᠨ ᠪᠦᠰᠡ ᠶᠢᠨ ᠬᠡᠪᠴᠢᠶᠡᠨ ᠳᠤ᠃         ︵ᠭᠤᠷᠪᠠ︶ 2024 ᠣᠨ ᠤ 2 ᠰᠠᠷ᠎ᠠ ᠶᠢᠨ 3 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ᠂ ᠬᠠᠭᠤᠴᠢᠨ ᠪᠠᠷᠭᠤ ᠬᠤᠰᠢᠭᠤ᠂ ᠬᠠᠶᠢᠯᠠᠷ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠤ᠃         ︵ᠳᠥᠷᠪᠡ︶ 2024 ᠣᠨ ᠤ 2 ᠰᠠᠷ᠎ᠠ ᠶᠢᠨ 12 ᠤᠨ ᠡᠳᠦᠷ ᠤᠨ 0 ᠴᠠᠭ ᠠᠴᠠ 2024 ᠣᠨ ᠤ 2 ᠰᠠᠷ᠎ᠠ ᠶᠢᠨ 27 ᠤ ᠡᠳᠦᠷ ᠤᠨ 24 ᠴᠠᠭ ᠪᠣᠯᠲᠠᠯ᠎ᠠ᠂ ᠬᠠᠶᠢᠯᠠᠷ ᠲᠣᠭᠤᠷᠢᠭ᠂ ᠵᠠᠯᠠᠨ ᠠᠶᠢᠯ ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ ᠬᠡᠪᠴᠢᠶᠡᠨ ᠳᠤ᠃         ᠭᠤᠷᠪᠠ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ         ︵ᠨᠢᠭᠡ︶ ᠳᠡᠭᠡᠷ᠎ᠡ ᠳᠤᠷᠠᠳᠤᠭᠰᠠᠨ ᠬᠠᠮᠢᠶᠠᠷᠤᠨ ᠡᠵᠡᠮᠳᠡᠬᠦ ᠴᠠᠭ ᠬᠤᠭᠤᠴᠠᠭ᠎ᠠ ᠪᠠ ᠣᠷᠣᠨ ᠪᠦᠰᠡ ᠶᠢᠨ ᠳᠣᠲᠣᠷ᠎ᠠ᠂ ︽ᠳᠣᠣᠷ᠎ᠠ ᠤᠳᠠᠭᠠᠨ ᠪᠠᠭ᠎ᠠ︾ ᠠᠭᠠᠷ ᠤᠨ ᠨᠢᠰᠦᠭᠦᠷ ᠤᠨ ᠨᠢᠰᠦᠯᠲᠡ ᠶᠢ ᠬᠤᠷᠢᠭᠯᠠᠨ᠎ᠠ᠃ ᠤᠷᠤᠯᠳᠤᠭᠠᠨ ᠤ ᠶᠠᠪᠤᠳᠠᠯ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠴᠠᠭᠳᠠᠭᠠᠨ ᠤ ᠶᠠᠪᠤᠳᠠᠯ ᠤᠨ ᠡᠭᠦᠷᠭᠡ ᠭᠦᠢᠴᠡᠳᠬᠡᠬᠦ ᠵᠡᠷᠭᠡ ᠣᠨᠴᠠᠭᠠᠶ ᠡᠭᠦᠷᠭᠡ ᠶᠢᠨ ᠨᠢᠰᠦᠯᠲᠡ ᠳᠤ ᠬᠤᠯᠪᠣᠭᠳᠠᠭᠰᠠᠨ ᠪᠠᠶᠢᠪᠠᠯ᠂ ᠴᠡᠷᠢᠭ᠂ ᠠᠷᠠᠳ ᠤᠨ ᠠᠭᠠᠷ ᠤᠨ ᠠᠶᠠᠯᠠᠯ ᠤᠨ ᠵᠠᠬᠢᠷᠤᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠨᠢᠰᠦᠯᠲᠡ ᠶᠢ ᠬᠡᠷᠡᠭᠵᠢᠭᠦᠯᠵᠦ ᠪᠣᠯᠣᠨ᠎ᠠ᠃         ︵ᠬᠤᠶᠠᠷ︶ ᠬᠠᠮᠢᠶ᠎ᠠ ᠪᠦᠬᠦᠢ ᠠᠵᠢᠯ ᠡᠷᠭᠢᠯᠡᠬᠦ ᠨᠢᠭᠡᠴᠢ ᠪᠣᠯᠣᠨ ᠥᠷᠭᠡᠨ ᠣᠯᠠᠨ ᠬᠤᠲᠠ ᠶᠢᠨ ᠠᠷᠠᠳ ᠠᠷᠠᠳ ᠤᠨ ᠠᠭᠠᠷ ᠤᠨ ᠠᠶᠠᠯᠠᠯ᠂ ᠪᠡᠶ᠎ᠡ ᠶᠢᠨ ᠲᠠᠮᠢᠷ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ︽ᠳᠣᠣᠷ᠎ᠠ ᠤᠳᠠᠭᠠᠨ ᠪᠠᠭ᠎ᠠ︾ ᠳᠤ ᠬᠤᠯᠪᠣᠭᠳᠠᠬᠤ ᠠᠭᠠᠷ ᠤᠨ ᠨᠢᠰᠦᠭᠦᠷ ᠤᠨ ᠬᠦᠮᠦᠨ᠂ ᠪᠠᠭᠠᠵᠢ ᠬᠡᠷᠡᠭᠰᠡᠯ ᠤᠨ ᠮᠡᠳᠡᠭᠡ ᠵᠠᠩᠭᠢ ᠶᠢ ᠳᠡᠩᠰᠡᠯᠡᠨ ᠬᠠᠮᠢᠶᠠᠷᠬᠤ ᠶᠢᠨ ᠬᠠᠮᠲᠤ᠂ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠲᠣᠭᠲᠠᠭᠠᠯ ᠠᠴᠠ ᠵᠥᠷᠢᠴᠡᠨ ᠨᠢᠰᠬᠦ ᠶᠢ ᠡᠷᠡᠰ ᠬᠤᠷᠢᠭᠯᠠᠬᠤ ᠬᠡᠷᠡᠭᠲᠡᠢ᠃         ︵ᠭᠤᠷᠪᠠ︶ ᠬᠠᠮᠢᠶᠠᠷᠤᠨ ᠡᠵᠡᠮᠳᠡᠬᠦ ᠴᠠᠭ ᠤᠨ ᠳᠣᠲᠣᠷ᠎ᠠ᠂ ᠲᠣᠭᠲᠠᠭᠠᠯ ᠠᠴᠠ ᠵᠥᠷᠢᠴᠡᠨ ᠨᠢᠰᠦᠭᠰᠡᠨ ︽ᠳᠣᠣᠷ᠎ᠠ ᠤᠳᠠᠭᠠᠨ ᠪᠠᠭ᠎ᠠ︾ ᠠᠭᠠᠷ ᠤᠨ ᠨᠢᠰᠦᠭᠦᠷ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢᠨ ᠶᠣᠰᠣᠭᠠᠷ ᠰᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ︵ᠳᠥᠷᠪᠡ︶ ᠣᠯᠠᠨ ᠲᠦᠮᠡᠨ ᠲᠣᠰ ᠵᠠᠷᠯᠠᠯ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ 110 ᠴᠠᠭᠳᠠᠭ᠎ᠠ ᠳᠤ ᠮᠡᠳᠡᠭᠦᠯᠬᠦ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ᠃          ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                                      2023 ᠣᠨ ᠤ 12 ᠰᠠᠷ᠎ᠠ ᠶᠢᠨ 25 ᠤ ᠡᠳᠦᠷ        ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ