ᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠳᠤ᠄ | ᠲᠠᠨ ᠤ ᠺᠣᠮᠫᠠᠨᠢ ᠶᠢᠨ ︽ᠤᠯᠤᠰ ᠤᠨ ᠵᠠᠮ 301 ᠱᠤᠭᠤᠮ ᠤᠨ ᠶᠠᠭᠰᠢ ᠠᠴᠠ ᠬᠠᠶᠢᠯᠠᠷ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠤᠯᠢ ᠶᠢᠨ ᠡᠷᠬᠡᠲᠡᠨ ᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠵᠠᠮ ᠬᠠᠷᠢᠯᠴᠠᠭ᠎ᠠ ᠪᠡᠯᠡ | ᠤᠷᠤᠭᠤᠯᠤᠯᠳᠠ ᠲᠠᠷᠬᠠᠭᠠᠭᠰᠠᠨ ︹2024︺ 1 ᠳ᠋ᠤᠭᠡᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠲᠠᠮᠵᠢᠨ ᠡᠳᠦᠭᠡ ᠳᠣᠣᠷᠠᠬᠢ ᠮᠡᠲᠦ | ᠴᠤᠬᠤᠯᠠᠪᠤᠷᠢᠯᠠᠪᠠ᠄ | ᠨᠢᠭᠡ᠂ ᠤᠯᠤᠰ ᠤᠨ ᠵᠠᠮ 301 ᠱᠤᠭᠤᠮ ᠤᠨ ᠶᠠᠭᠰᠢ ᠠᠴᠠ ᠬᠠᠶᠢᠯᠠᠷ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠤᠯᠢ ᠶᠢᠨ ᠡᠷᠬᠡᠲᠡᠨ ᠢ ᠲᠠᠨ ᠤ ᠺᠣᠮᠫᠠᠨᠢ ᠪᠠᠷ ᠡᠭᠦᠷᠭᠡᠯᠡᠭᠦᠯᠵᠦ᠂ ᠲᠣᠰ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ | ᠬᠤᠶᠠᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ | ᠵᠠᠰᠠᠮᠠᠯ ᠵᠠᠮ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠥᠪᠥᠷ ᠵᠠᠮ ᠬᠠᠷᠢᠯᠴᠠᠭ᠎ᠠ ᠲᠠᠷᠬᠠᠭᠠᠭᠰᠠᠨ ︹2023︺ | 6 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠢᠵᠦ᠂ ᠰᠢᠯᠢᠳᠡᠭ ᠲᠤᠰᠬᠠᠢ | ᠮᠡᠷᠭᠡᠵᠢᠯᠲᠡᠨ ᠢ ᠨᠠᠷᠢᠨ ᠨᠢᠮᠪᠠᠢ ᠰᠣᠩᠭᠤᠨ ᠲᠣᠮᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠠᠤᠯᠢ | ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠯ ᠢ ᠲᠦᠷᠭᠡᠳᠬᠡᠨ᠂ ᠲᠥᠷᠥᠯ ᠵᠦᠢᠯ ᠤᠨ | ᠡᠷᠲᠡᠬᠡᠨ ᠠᠵᠢᠯ ᠡᠬᠢᠯᠡᠭᠦᠯᠵᠦ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ᠭᠤᠷᠪᠠ᠂ ᠬᠤᠳᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠯᠤᠭ᠎ᠠ ᠲᠦᠷᠦᠯ ᠵᠦᠢᠯ ᠢ ᠵᠤᠯᠭᠠᠭᠤᠯᠬᠤ ᠠᠵᠢᠯ ᠢ ᠲᠦᠷᠭᠡᠬᠡᠨ ᠪᠡᠶᠡᠯᠡᠭᠦᠯᠬᠦ ᠬᠡᠷᠡᠭᠲᠡᠢ᠃ | ᠴᠣᠬᠤᠯᠠᠪᠤᠷᠢ ᠳᠤ ᠲᠣᠬᠢᠷᠠᠭᠤᠯᠤᠯᠲᠠ ᠬᠢᠭᠰᠡᠨ ᠡᠳᠦᠷ ᠠᠴᠠ ᠡᠬᠢᠯᠡᠨ᠂ ︽ᠤᠯᠤᠰ ᠤᠨ ᠵᠠᠮ 301 ᠱᠤᠭᠤᠮ ᠤᠨ ᠶᠠᠭᠰᠢ ᠠᠴᠠ ᠬᠠᠶᠢᠯᠠᠷ ᠬᠦᠷᠬᠦ ᠬᠡᠰᠡᠭ ᠤᠨ | ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠲᠤᠬᠠᠢ ᠬᠥᠯᠥᠨ ᠪᠤᠶᠢᠷ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾ ︵ᠬᠦᠯᠦᠨ ᠵᠠᠰᠠᠭ ᠥᠰᠥᠭ ︹2023︺ 10 ᠳ᠋ᠤᠭᠠᠷ ᠲᠣᠭᠠᠲᠤ︶ ᠬᠦᠴᠦᠨ ᠦᠭᠡᠢ ᠪᠣᠯᠣᠨ᠎ᠠ᠃ | ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃ | | 2024 ᠣᠨ ᠤ 1 ᠰᠠᠷ᠎ᠠ ᠶᠢᠨ 22 ᠤᠨ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | |