ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ᠄ | ᠲᠠᠨ ᠤ ᠲᠣᠪᠴᠢᠶ᠎ᠠ ᠶᠢᠨ ︽ᠮᠡᠨᠲᠤ ᠭᠤᠣᠯ ᠤᠨ ᠭᠠᠯ ᠰᠡᠷᠭᠡᠶᠢᠯᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ | ᠠᠯᠪᠠᠨ ᠭᠡᠷ ᠪᠠᠶᠢᠭᠤᠯᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠤᠢ ᠨᠤᠲᠤᠭ ᠲᠠᠷᠬᠠᠭᠠᠭᠰᠠᠨ ︹2024︺ 29 ᠳ᠋ᠤᠭᠡᠷ ᠲᠣᠭᠠᠲᠤ︶ ᠶᠢ | ᠲᠤᠰᠴᠤ ᠠᠪᠤᠯ᠎ᠠ᠂ ᠰᠤᠳᠤᠯᠬᠤ ᠪᠠᠷ ᠳᠡᠮᠵᠢᠨ᠂ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄ | ᠨᠢᠭᠡ᠂ ᠲᠠᠨ ᠤ ᠲᠣᠪᠴᠢᠶ᠎ᠠ ᠶᠢᠨ ᠮᠡᠨᠲᠤ ᠭᠤᠣᠯ ᠤᠨ ᠭᠠᠯ ᠰᠡᠷᠭᠡᠶᠢᠯᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠠᠯᠪᠠᠨ ᠭᠡᠷ ︵ᠳᠣᠷᠣᠭᠰᠢ ︽ᠠᠯᠪᠠᠨ ᠭᠡᠷ︾ ᠭᠡᠵᠦ ᠲᠣᠪᠴᠢᠯᠠᠨ᠎ᠠ︶ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠬᠠᠤᠯᠢ ᠶᠢᠨ ᠡᠷᠬᠡᠲᠡᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠂ ᠴᠢᠦᠢ ᠬᠠᠢ ᠵᠢᠶᠦ᠋ᠨ ᠨᠥᠬᠦᠷ ᠢᠶᠠᠷ ᠠᠯᠪᠠᠨ ᠭᠡᠷ ᠤᠨ ᠬᠠᠷᠢᠭᠤᠴᠠᠯᠭᠠᠲᠠᠨ | ᠪᠤᠯᠭᠠᠬᠤ ᠶᠢ ᠵᠠᠷᠴᠢᠮ ᠳᠡᠭᠡᠷ᠎ᠡ ᠪᠠᠨ ᠵᠦᠪᠰᠢᠶᠡᠷᠡᠨ᠎ᠡ᠃ | ᠬᠤᠶᠠᠷ᠂ ᠲᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠷᠭ᠎ᠠ︾ ᠵᠢᠴᠢ ᠭᠠᠯ ᠰᠡᠷᠭᠡᠶᠢᠯᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠶᠣᠰᠣᠭᠠᠷ᠂ ᠠᠯᠪᠠᠨ ᠭᠡᠷ ᠢ ᠰᠢᠮᠳᠠᠭᠤᠯᠵᠤ ᠪᠠᠶᠢᠭᠠᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠵᠠᠮ ᠱᠤᠭᠤᠮ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠢ ᠬᠠᠤᠯᠢ ᠲᠣᠭᠲᠠᠭᠠᠯ ᠶᠣᠰᠣᠭᠠᠷ | ᠭᠦᠢᠴᠡᠳᠬᠡᠵᠦ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ᠭᠤᠷᠪᠠ᠂ ᠲᠠᠨ ᠤ ᠲᠣᠪᠴᠢᠶ᠎ᠠ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠬᠡᠵᠦ᠂ ᠠᠯᠪᠠᠨ ᠭᠡᠷ ᠢ | ᠰᠢᠮᠳᠠᠭᠤᠯᠳ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠡᠯ᠎ᠡ ᠲᠠᠯ᠎ᠠ ᠶᠢᠨ ᠭᠤᠣᠯ ᠴᠣᠭᠴᠠ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠶᠢ ᠬᠠᠮᠲᠤᠪᠠᠷ ᠪᠠᠲᠤᠯᠠᠭᠠᠷᠠᠢ᠃ | ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃ | | 2024 ᠣᠨ ᠤ 2 ᠰᠠᠷ᠎ᠠ ᠶᠢᠨ 8 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | |