ᠨᠢᠭᠡᠳᠦᠭᠡᠷ ᠵᠦᠢᠯ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠬᠤᠷᠢᠭᠯᠠᠵᠤ᠂ | ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠵᠤ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠬᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠤᠨ | ᠬᠠᠮᠠᠭᠠᠯᠠᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠤᠳᠠ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷ᠎ᠠ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠲᠤᠰ ᠠᠷᠭ᠎ᠠ ᠶᠢ ᠬᠡᠷᠡᠭᠯᠡᠨ᠎ᠡ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ | ᠪᠠᠭᠲᠠᠬᠤ ᠨᠢ᠄ | ︵ᠨᠢᠭᠡ︶ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠲᠡᠭᠦᠵᠦ ᠴᠤᠭᠯᠠᠭᠤᠯᠬᠤ᠂ ᠬᠤᠳᠠᠯᠳᠤᠬᠤ᠂ | ᠬᠤᠳᠠᠯᠳᠤᠨ ᠠᠪᠬᠤ︔ | ︵ᠬᠤᠶᠠᠷ︶ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠪᠠᠶᠢᠭᠠᠯᠢ ᠶᠢᠨ ᠦᠷ᠎ᠡ ᠡᠳ᠋ ᠤᠨ ᠡᠬᠢ ᠪᠠᠶᠠᠯᠢᠭ ᠪᠠ ᠥᠪᠡᠷᠲᠡᠭᠡᠨ ᠵᠠᠰᠠᠬᠤ | ᠣᠷᠣᠨ ᠤ ᠬᠤᠪᠣᠷ ᠴᠤᠬᠠᠭ ᠮᠥᠬᠦᠬᠦ ᠰᠢᠬᠠᠭᠰᠠᠨ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠲᠡᠭᠦᠵᠦ ᠴᠤᠭᠯᠠᠭᠤᠯᠬᠤ ᠪᠤᠶᠤ ᠲᠡᠭᠦᠵᠦ ᠮᠠᠯᠲᠠᠬᠤ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠬᠤᠪᠣᠷ ᠴᠤᠬᠠᠭ ᠤᠢ ᠮᠣᠳᠣ ᠶᠢ ᠬᠠᠤᠯᠢ ᠪᠤᠰᠤ ᠪᠠᠷ ᠲᠡᠭᠦᠨ ᠴᠤᠭᠯᠠᠭᠤᠯᠬᠤ᠂ ᠮᠠᠯᠲᠠᠬᠤ᠂ ᠡᠪᠳᠡᠬᠦ᠂ | ᠬᠤᠳᠠᠯᠳᠤᠬᠤ᠂ ᠬᠤᠳᠠᠯᠳᠤᠨ ᠠᠪᠬᠤ᠂ ᠡᠳ᠋ᠰᠢᠭᠦᠯᠬᠦ᠂ ᠲᠡᠭᠡᠭᠡᠪᠦᠷᠢᠯᠡᠬᠦ ᠵᠢᠴᠢ ᠲᠡᠭᠦᠨ ᠤ ᠤᠢ ᠶᠢᠨ ᠬᠤᠷᠮᠤᠢ ᠳᠠᠬᠢ ᠬᠡᠭᠡᠷ᠎ᠡ ᠶᠢᠨ ᠤᠷᠭᠤᠮᠠᠯ ᠪᠣᠯᠣᠨ ᠡᠮ ᠤᠨ | ᠮᠠᠲ᠋ᠧᠷᠢᠶᠠᠯ ᠢ ᠮᠠᠯᠲᠠᠬᠤ︔ | ︵ᠳᠥᠷᠪᠡ︶ ᠬᠡᠭᠡᠷ᠎ᠡ ᠶᠢᠨ ᠡᠮ ᠤᠨ ᠮᠠᠲ᠋ᠧᠷᠢᠶᠠᠯ ᠢ ᠬᠠᠤᠯᠢ ᠪᠤᠰᠤ ᠪᠠᠷ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ᠂ ᠬᠤᠳᠠᠯᠳᠤᠬᠤ︔ | ︵ᠲᠠᠪᠤ︶ ᠴᠦᠯ᠂ ᠬᠠᠭᠠᠰ ᠴᠦᠯ᠂ ᠬᠦᠨᠳᠦ ᠨᠣᠴᠢᠲᠠᠢ ᠮᠠᠭᠤᠳᠠᠭᠰᠠᠨ᠂ ᠡᠯᠡᠰᠦᠵᠢᠭᠰᠡᠨ᠂ ᠬᠤᠵᠢᠷᠰᠢᠭᠰᠠᠨ᠂ ᠬᠠᠶᠢᠷ ᠴᠦᠯᠵᠢᠭᠰᠡᠨ᠂ ᠬᠥᠷᠥᠰᠥ ᠰᠢᠷᠣᠢ | ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠳᠡᠭᠡᠷ᠎ᠡ ᠤᠷᠭᠤᠮᠠᠯ ᠮᠠᠯᠲᠠᠬᠤ ᠪᠤᠶᠤ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠡᠪᠳᠡᠬᠦ ᠠᠵᠢᠯᠯᠠᠭ᠎ᠠ ᠬᠢᠬᠦ︔ | ︵ᠵᠢᠷᠭᠤᠭ᠎ᠠ︶ ᠮᠠᠯᠲᠠᠬᠤ ᠶᠢ ᠴᠠᠭᠠᠵᠠᠯᠠᠭᠰᠠᠨ ᠣᠷᠣᠨ ᠳᠤ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ︔ | ︵ᠳᠣᠯᠤᠭ᠎ᠠ︶ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠭᠤᠣᠯᠳᠠᠯᠭ᠎ᠠ ᠲᠠᠢ ᠬᠠᠮᠠᠭᠠᠯᠠᠬᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ | ᠬᠠᠤᠯᠢ ᠪᠤᠰᠤ ᠪᠠᠷ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ︔ | ︵ᠨᠠᠢᠮᠠ︶ ᠥᠮᠴᠢᠯᠡᠯ ᠤᠨ ᠡᠷᠬᠡ᠂ ᠳᠠᠭᠠᠭᠠᠴᠢᠯᠠᠨ ᠡᠵᠡᠩᠨᠡᠬᠦ ᠡᠷᠬᠡ ᠪᠤᠶᠤ ᠬᠡᠷᠡᠭᠯᠡᠬᠦ ᠡᠷᠬᠡ ᠲᠠᠢ ᠪᠤᠰᠤᠳ ᠬᠥᠮᠥᠨ ᠤ ᠡᠪᠡᠰᠦᠲᠦ ᠭᠠᠵᠠᠷ᠂ ᠣᠶᠢᠲᠤ | ᠭᠠᠵᠠᠷ᠂ ᠨᠤᠭᠤ ᠭᠠᠵᠠᠷ ᠲᠤ ᠬᠠᠤᠯᠢ ᠪᠤᠰᠤ ᠪᠠᠷ ᠣᠷᠣᠵᠤ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ︔ | ︵ᠶᠢᠰᠦ︶ ᠨᠤᠭᠤ ᠭᠠᠵᠠᠷ ᠤᠨ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠲᠡᠭᠦᠬᠦ᠃ | ᠳᠥᠷᠪᠡᠳᠦᠭᠡᠷ ᠵᠦᠢᠯ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠤᠷᠢᠳᠴᠢᠯᠠᠨ ᠰᠡᠷᠭᠡᠶᠢᠯᠡᠬᠦ ᠪᠠ ᠬᠠᠤᠯᠢ ᠶᠣᠰᠣᠭᠠᠷ ᠴᠣᠬᠢᠯᠲᠠ ᠥᠭᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ | ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠬᠤᠬᠢᠷᠠᠯ ᠳᠤ ᠬᠠᠷᠢᠭᠤᠴᠠᠯᠭ᠎ᠠ | ᠡᠭᠦᠷᠭᠡᠯᠡᠬᠦ ᠵᠠᠷᠴᠢᠮ ᠢ ᠵᠢᠷᠤᠮᠯᠠᠨ᠎ᠠ᠃ | ᠲᠠᠪᠤᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠭᠡᠷ᠎ᠡ ᠶᠢᠨ ᠤᠷᠭᠤᠮᠠᠯ ᠢ | ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠪᠦᠬᠦ ᠬᠤᠳᠠ ᠶᠢᠨ | ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ | ᠲᠥᠯᠥᠪᠯᠡᠨ ᠰᠠᠶᠢᠲᠤᠷ ᠬᠢᠵᠦ᠂ ᠪᠠᠶᠢᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃ | ᠵᠢᠷᠭᠤᠳᠤᠭᠠᠷ ᠵᠦᠢᠯ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ᠂ | ᠵᠢᠯᠤᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ᠂ ᠬᠢᠨᠠᠯᠲᠠ ᠲᠠᠯᠪᠢᠵᠤ ᠪᠠᠶᠢᠴᠠᠭᠠᠬᠤ | ᠲᠣᠭᠲᠠᠴᠠ᠂ ᠢᠯᠡᠴᠢᠯᠡᠨ ᠮᠡᠳᠡᠭᠦᠯᠵᠦ ᠱᠠᠩᠨᠠᠬᠤ ᠲᠣᠭᠲᠠᠴᠠ᠂ ᠵᠠᠯᠬᠠᠭᠠᠨ ᠴᠡᠭᠡᠷᠯᠡᠭᠦᠯᠬᠦ ᠲᠣᠭᠲᠠᠴᠠ ᠪᠠ ᠤᠬᠠᠭᠤᠯᠤᠨ ᠬᠥᠮᠥᠵᠢᠭᠦᠯᠬᠦ ᠲᠣᠭᠲᠠᠴᠠ ᠶᠢ ᠪᠠᠶᠢᠭᠤᠯᠤᠨ᠎ᠠ᠃ | | ᠳᠣᠯᠣᠳᠤᠭᠠᠷ ᠵᠦᠢᠯ ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ | ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠪᠤᠰᠤ ᠪᠠᠷ ᠮᠠᠯᠲᠠᠬᠤ ᠵᠡᠷᠭᠡ ᠬᠡᠭᠡᠷ᠎ᠡ ᠶᠢᠨ | ᠤᠷᠭᠤᠮᠠᠯ ᠢ ᠡᠪᠳᠡᠬᠦ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ | ᠨᠠᠢᠮᠠᠳᠤᠭᠠᠷ ᠵᠦᠢᠯ ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠪᠣᠯᠣᠨ ᠶᠡᠭᠡ ᠬᠢᠩᠭᠠᠨ ᠳᠠᠪᠠᠭᠠᠨ ᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠬᠠᠤᠯᠢ ᠶᠣᠰᠣᠭᠠᠷ | ᠪᠤᠶᠤ ᠥᠪᠡᠷᠲᠡᠭᠡᠨ ᠵᠠᠰᠠᠭ ᠣᠷᠣᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠭᠰᠠᠨ ᠶᠣᠰᠣᠭᠠᠷ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠮᠠᠯᠲᠠᠬᠤ | ᠵᠡᠷᠭᠡ ᠡᠪᠳᠡᠬᠦ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠦᠭᠭᠦᠨ᠎ᠡ᠃ | ᠶᠢᠰᠦᠳᠦᠭᠡᠷ ᠵᠦᠢᠯ ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ ᠤ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠶ᠎ᠠ ᠦᠨ᠎ᠡ ᠬᠠᠩᠰᠢ ᠶᠢ ᠲᠤᠭᠲᠠᠭᠠᠬᠤ ᠪᠠᠶᠢᠭᠤᠯᠤᠮᠵᠢ ᠠᠴᠠ ᠬᠡᠭᠡᠷ᠎ᠡ ᠶᠢᠨ | ᠤᠷᠭᠤᠮᠠᠯ ᠤᠨ ᠦᠨ᠎ᠡ ᠬᠠᠩᠰᠢ ᠶᠢ ᠲᠤᠭᠲᠠᠭᠠᠬᠠᠤ ᠠᠵᠢᠯ ᠢ ᠬᠠᠷᠢᠭᠤᠴᠠᠨ᠎ᠠ᠃ | ᠠᠷᠪᠠᠳᠤᠭᠠᠷ ᠵᠦᠢᠯ ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠢ ᠲᠤᠰᠬᠠᠢ ᠵᠦᠢᠯ ᠢᠶᠠᠷ ᠪᠠᠶᠢᠴᠠᠭᠠᠵᠤ ᠬᠢᠨᠠᠨ | ᠬᠡᠮᠵᠢᠵᠦ ᠦᠨᠡᠯᠡᠬᠦ ᠵᠢᠴᠢ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ | ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠭᠡᠷ᠎ᠡ ᠶᠢᠨ ᠤᠷᠭᠤᠮᠠᠯ ᠢ | ᠬᠠᠮᠠᠭᠠᠯᠠᠬᠤ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠠᠷᠪᠠᠨ ᠬᠤᠶᠠᠳᠤᠭᠠᠷ ᠵᠦᠢᠯ ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠡᠭᠡᠭᠡᠪᠦᠷᠢ ᠡᠵᠡᠩᠨᠡᠯᠲᠡ ᠶᠢᠨ ᠲᠡᠷᠭᠡ ᠬᠥᠰᠬᠡ ᠳᠤ ᠬᠡᠭᠡᠷ᠎ᠡ ᠶᠢᠨ ᠤᠷᠭᠤᠮᠠᠯ ᠢ ᠡᠪᠳᠡᠬᠦ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢᠨ ᠵᠠᠮ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠵᠤ᠂ | ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠵᠥᠭᠡᠭᠡᠪᠦᠷᠢᠯᠡᠭᠰᠡᠨ ᠢ ᠣᠯᠵᠤ ᠮᠡᠳᠡᠪᠡᠯ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠰᠠᠯᠠᠭ᠎ᠠ | ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠦᠷᠢᠯᠡᠬᠦᠯᠦᠨ᠎ᠡ᠃ | ᠠᠷᠪᠠᠨ ᠭᠤᠷᠪᠠᠳᠤᠭᠠᠷ ᠵᠦᠢᠯ ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠡᠭᠡᠷ᠎ᠡ ᠶᠢᠨ ᠤᠷᠭᠤᠮᠠᠯ ᠢ ᠬᠤᠳᠠᠯᠳᠤᠬᠤ᠂ ᠬᠤᠳᠠᠯᠳᠤᠨ ᠠᠪᠬᠤ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ | ᠬᠠᠮᠢᠶᠠᠷᠤᠯᠲᠠ ᠶᠠᠪᠤᠭᠤᠯᠵᠤ᠂ ᠬᠡᠭᠡᠷ᠎ᠡ ᠶᠢᠨ ᠤᠷᠭᠤᠮᠠᠯ ᠡᠵᠡᠩᠨᠡᠭᠴᠢ ᠶᠢ ᠪᠦᠷᠢᠳᠬᠡᠨ ᠳᠠᠩᠰᠠᠯᠠᠵᠤ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠬᠡᠭᠡᠷ᠎ᠡ ᠶᠢᠨ | ᠤᠷᠭᠤᠮᠠᠯ ᠡᠵᠡᠩᠨᠡᠭᠴᠢ ᠶᠢᠨ ᠦᠨᠡᠮᠯᠡᠯ ᠦᠭᠡᠢ ᠪᠠᠷ ᠡᠵᠡᠩᠨᠡᠬᠦ ᠦᠢᠯᠡ ᠠᠵᠢᠯᠯᠠᠭ᠎ᠠ ᠵᠢᠴᠢ ᠪᠤᠰᠤᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ | ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠦᠯᠵᠢᠶ᠎ᠡ ᠪᠠᠷ ᠠᠷᠠᠯᠵᠢᠶᠠᠯᠠᠬᠤ | ᠦᠢᠯᠡ ᠠᠵᠢᠯᠯᠠᠭ᠎ᠠ ᠶᠢᠨ ᠬᠢᠨᠠᠨ ᠬᠡᠮᠵᠢᠯᠲᠡ ᠶᠢ ᠥᠷᠨᠢᠭᠦᠯᠦᠨ᠂ ᠬᠠᠷᠢᠶᠠᠲᠤ ᠣᠷᠣᠨ ᠤ ᠳᠣᠲᠣᠷᠠᠬᠢ ᠲᠠᠪᠴᠠᠩ ᠤᠨ ᠬᠡᠭᠡᠷ᠎ᠡ ᠶᠢᠨ ᠤᠷᠭᠤᠮᠠᠯ ᠵᠢᠴᠢ ᠲᠡᠭᠦᠨ ᠤ | ᠪᠦᠲᠦᠭᠡᠭᠳᠡᠬᠦᠨ ᠢ ᠬᠠᠤᠯᠢ ᠪᠤᠰᠤ ᠪᠠᠷ ᠪᠣᠷᠣᠯᠠᠭᠤᠯᠤᠭᠰᠠᠨ ᠮᠡᠳᠡᠭᠡ ᠵᠠᠩᠭᠢ ᠶᠢ ᠠᠷᠢᠯᠭᠠᠬᠤ ᠶᠢ ᠬᠠᠷᠢᠭᠤᠴᠠᠨ᠎ᠠ᠃ | ᠠᠷᠪᠠᠨ ᠳᠥᠷᠪᠡᠳᠦᠭᠡᠷ ᠵᠦᠢᠯ ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠤᠨ | ᠵᠠᠷᠤᠳᠠᠯ ᠢ ᠪᠠᠲᠤᠯᠠᠭ᠎ᠠ ᠲᠠᠢ ᠪᠠᠶᠢᠯᠭᠠᠬᠤ ᠶᠢ ᠬᠠᠷᠢᠭᠤᠴᠠᠨ᠎ᠠ᠃ | |