ᠠᠷᠪᠠᠨ ᠲᠠᠪᠤᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠬᠤ ᠶᠢ ᠬᠠᠷᠢᠭᠤᠴᠠᠵᠤ᠂ ᠬᠠᠷᠢᠭᠤᠴᠠᠯᠭᠠᠳᠤ ᠨᠢᠭᠡᠴᠢ ᠪᠣᠯᠣᠨ ᠬᠠᠷᠢᠭᠤᠴᠠᠯᠭᠠᠲᠠᠨ ᠢ | ᠲᠣᠭᠲᠠᠭᠠᠨ᠂ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠶᠢ ᠴᠢᠩᠭᠠᠳᠬᠠᠵᠤ᠂ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ | ᠠᠵᠢᠯᠯᠠᠭ᠎ᠠ ᠲᠥᠪᠯᠡᠷᠡᠭᠰᠡᠨ ᠭᠠᠵᠠᠷ ᠣᠷᠣᠨ ᠳᠤ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠯᠲᠠ ᠬᠢᠵᠦ᠂ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ | ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠦᠭᠭᠦᠨ᠎ᠡ᠃ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠨᠢ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠪᠰᠤᠷᠤᠨ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ | ᠠᠷᠪᠠᠨ ᠵᠢᠷᠭᠤᠳᠤᠭᠠᠷ ᠵᠦᠢᠯ ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠵᠣᠬᠢᠴᠠᠭᠤᠯᠵᠤ | ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠳᠤ ᠬᠠᠮᠲᠤᠷᠠᠨ ᠵᠥᠪᠳᠡᠯᠴᠡᠬᠦ᠂ ᠮᠡᠳᠡᠭᠡ ᠵᠠᠩᠭᠢ ᠶᠢ ᠮᠡᠳᠡᠭᠡᠯᠡᠬᠦ᠂ ᠰᠦᠪᠡᠭᠴᠢ ᠶᠢ ᠰᠢᠯᠵᠢᠭᠦᠯᠦᠨ ᠲᠤᠰᠢᠶᠠᠬᠤ ᠲᠣᠭᠲᠠᠴᠠ ᠶᠢ | ᠨᠠᠶᠢᠳᠠᠪᠤᠷᠢᠵᠢᠭᠤᠯᠬᠤ ᠶᠢᠨ ᠬᠠᠮᠲᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠯᠦᠭᠡ ᠣᠷᠣᠨ ᠨᠤᠲᠤᠭ | ᠠᠵᠤ ᠠᠬᠤᠶᠢᠯᠠᠯ ᠬᠠᠮᠲᠤᠷᠠᠨ ᠬᠥᠳᠡᠯᠦᠯᠴᠡᠬᠦ᠂ ᠴᠠᠭᠳᠠᠭ᠎ᠠ ᠠᠷᠠᠳ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠢᠯᠡᠷᠡᠭᠦᠯᠦᠭᠰᠡᠨ᠂ | ᠰᠢᠯᠵᠢᠭᠦᠯᠦᠨ ᠲᠤᠰᠢᠶᠠᠭᠰᠠᠨ᠂ ᠪᠠᠶᠢᠴᠠᠭᠠᠨ ᠰᠢᠢᠳᠪᠦᠷᠢᠯᠡᠭᠰᠡᠨ᠂ ᠬᠠᠷᠢᠭᠤ ᠲᠤᠰᠬᠠᠭᠰᠠᠨ ᠪᠠᠶᠢᠩᠭᠤ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠠᠶᠢᠭᠤᠯᠤᠨ᠎ᠠ᠃ | ᠠᠷᠪᠠᠨ ᠳᠣᠯᠣᠳᠤᠭᠠᠷ ᠵᠦᠢᠯ ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠭᠤᠣᠯᠳᠠᠯᠭ᠎ᠠ ᠲᠠᠢ | ᠣᠷᠣᠵᠤ ᠭᠠᠷᠬᠤ ᠵᠠᠮ᠂ ᠬᠡᠭᠡᠷ᠎ᠡ ᠶᠢᠨ ᠤᠷᠭᠤᠮᠠᠯ ᠢ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠲᠥᠪᠯᠡᠷᠡᠭᠰᠡᠨ ᠭᠠᠵᠠᠷ ᠣᠷᠣᠨ᠂ ᠡᠯ᠎ᠡ ᠬᠤᠰᠢᠭᠤ ︵ᠬᠤᠲᠠ᠂ | ᠲᠣᠭᠤᠷᠢᠭ︶ ᠪᠠ ᠰᠤᠮᠤ ᠰᠢᠶᠠᠩ ᠪᠠᠯᠭᠠᠰᠤ ᠶᠢᠨ ᠠᠭᠤᠯᠵᠠᠷ ᠣᠷᠣᠨ᠂ ᠬᠠᠤᠯᠢ ᠪᠤᠰᠤ ᠠᠷᠠᠯᠵᠢᠶᠠᠨ ᠤ ᠴᠡᠭ ᠢ ᠲᠣᠭᠤᠷᠢᠨ ᠪᠠᠶᠢᠴᠠᠭᠠᠬᠤ ᠪᠠᠶᠢᠴᠠᠭᠠᠯᠲᠠ ᠪᠠᠨ | ᠴᠢᠩᠭᠠᠳᠬᠠᠨ᠎ᠠ᠃ ᠬᠢᠨᠠᠨ ᠬᠠᠮᠢᠶᠠᠷᠬᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠲᠣᠮᠣ ᠳ᠋ᠠᠶᠢᠲ᠋ᠠ᠂ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠬᠢᠨᠠᠨ | ᠡᠵᠡᠮᠳᠡᠬᠦ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠬᠡᠭᠡᠷ᠎ᠡ ᠶᠢᠨ ᠤᠷᠭᠤᠮᠠᠯ ᠤᠨ ᠬᠠᠮᠠᠭᠠᠯᠠᠯᠲᠠ ᠶᠢ ᠴᠢᠩᠭᠠᠳᠬᠠᠨ᠎ᠠ᠃ | ᠠᠷᠪᠠᠨ ᠨᠠᠢᠮᠠᠳᠤᠭᠠᠷ ᠵᠦᠢᠯ ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠠᠴᠠ ᠡᠮ ᠤᠨ ᠮᠠᠲ᠋ᠧᠷᠢᠶᠠᠯ ᠳᠠᠷᠢᠬᠤ | ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠡᠮ ᠤᠨ ᠮᠠᠲ᠋ᠧᠷᠢᠶᠠᠯ | ᠳᠠᠷᠢᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠡᠮ ᠤᠨ ᠮᠠᠲ᠋ᠧᠷᠢᠶᠠᠯ ᠤᠨ ᠦᠷ᠎ᠡ ᠡᠭᠦᠯᠳᠡᠷ ᠤᠨ | ᠢᠷᠡᠯᠲᠡ ᠵᠢᠴᠢ ᠳᠠᠷᠢᠬᠤ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ᠂ ᠰᠤᠭᠤᠴᠢᠨ ᠪᠠᠶᠢᠴᠠᠭᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠡᠮ ᠤᠨ ᠮᠠᠲ᠋ᠧᠷᠢᠶᠠᠯ ᠳᠠᠷᠢᠬᠤ᠂ ᠴᠤᠭᠯᠠᠭᠤᠯᠬᠤ᠂ ᠬᠤᠳᠠᠯᠳᠤᠨ ᠠᠪᠬᠤ᠂ ᠪᠣᠷᠣᠯᠠᠭᠤᠯᠬᠤ ᠵᠡᠷᠭᠡ ᠪᠠᠶᠢᠳᠠᠯ ᠳᠤ ᠬᠥᠳᠡᠯᠦᠩᠭᠦᠢ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠢᠶᠠᠷᠤᠯᠲᠠ ᠶᠢᠨ ᠡᠬᠡ ᠲᠠᠩᠰᠠ ᠪᠠ ᠡᠮ ᠤᠨ ᠮᠠᠲ᠋ᠧᠷᠢᠶᠠᠯ ᠳᠠᠷᠢᠬᠤ ᠡᠷᠦᠬᠡ ᠶᠢᠨ ᠢᠲᠡᠭᠡᠮᠵᠢ ᠶᠢᠨ ᠲᠠᠩᠰᠠ ᠡᠪᠬᠡᠮᠡᠯ | ᠪᠠᠶᠢᠭᠤᠯᠤᠨ᠎ᠠ᠃ | ᠠᠷᠪᠠ ᠶᠢᠰᠦᠳᠦᠭᠡᠷ ᠵᠦᠢᠯ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠢᠨᠠᠨ ᠬᠡᠮᠵᠢᠬᠦ ᠪᠠᠨ ᠴᠢᠩᠭᠠᠳᠬᠠᠵᠤ᠂ | ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠠᠮᠢᠳᠤ ᠪᠣᠳᠠᠰ ᠤᠨ ᠰᠤᠳᠤᠯᠤᠯ ᠤᠨ ᠣᠨᠴᠠᠯᠢᠭ ᠪᠠ ᠡᠬᠢ ᠪᠠᠶᠠᠯᠢᠭ ᠤᠨ ᠥᠰᠦᠯᠲᠡ ᠬᠤᠷᠣᠭᠳᠠᠯ ᠤᠨ | ᠪᠠᠶᠢᠳᠠᠯ ᠢ ᠦᠨᠳᠦᠰᠦᠯᠡᠨ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠮᠠᠯᠲᠠᠬᠤ ᠶᠢ ᠴᠠᠭᠠᠵᠠᠯᠠᠬᠤ | ᠣᠷᠣᠨ ᠲᠤᠭᠲᠠᠭᠠᠨ᠎ᠠ᠃ ᠮᠠᠯᠲᠠᠬᠤ ᠶᠢ ᠴᠠᠭᠠᠵᠠᠯᠠᠬᠤ ᠣᠷᠣᠨ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ | ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠶᠢᠨ ᠬᠠᠮᠲᠤ ᠮᠠᠯᠲᠠᠬᠤ ᠶᠢ ᠴᠠᠭᠠᠵᠠᠯᠠᠬᠤ ᠣᠷᠣᠨ ᠤ ᠢᠯᠡᠷᠬᠡᠢ ᠭᠠᠵᠠᠷ ᠲᠤ ᠲᠡᠮᠳᠡᠭ ᠲᠠᠯᠪᠢᠨ᠎ᠠ᠃ ᠶᠠᠮᠠᠷᠪᠠ ᠵᠣᠬᠢᠶᠠᠨ | ᠪᠠᠶᠢᠭᠤᠯᠤᠯᠲᠠ ᠪᠣᠯᠣᠨ ᠬᠤᠪᠢ ᠬᠥᠮᠥᠨ ᠮᠠᠯᠲᠠᠬᠤ ᠶᠢ ᠴᠠᠭᠠᠵᠠᠯᠠᠬᠤ ᠣᠷᠣᠨ ᠤ ᠲᠡᠮᠳᠡᠭ ᠢ ᠡᠪᠳᠡᠵᠦ᠂ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠦᠭᠡᠢ᠃ | ᠮᠠᠯᠲᠠᠬᠤ ᠶᠢ ᠴᠠᠭᠠᠵᠠᠯᠠᠬᠤ ᠣᠷᠣᠨ ᠳᠣᠲᠣᠷᠠᠬᠢ ᠬᠡᠭᠡᠷ᠎ᠡ ᠶᠢᠨ ᠤᠷᠭᠤᠮᠠᠯ ᠢ ᠪᠥᠬᠦ ᠵᠢᠯ ᠳᠤ ᠮᠠᠯᠲᠠᠬᠤ ᠶᠢ ᠴᠠᠭᠠᠵᠠᠯᠠᠨ᠎ᠠ᠃ | ᠬᠤᠷᠢᠳᠤᠭᠠᠷ ᠵᠦᠢᠯ ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠤᠬᠠᠭᠤᠯᠭ᠎ᠠ | ᠬᠥᠮᠦᠵᠢᠯ ᠢ ᠢᠳᠡᠪᠬᠢᠲᠡᠢ ᠥᠷᠨᠢᠭᠦᠯᠵᠦ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠤᠬᠠᠮᠰᠠᠷ ᠠᠴᠠ ᠪᠠᠨ ᠬᠠᠤᠯᠢ | ᠰᠠᠬᠢᠬᠤ ᠬᠦᠮᠦᠵᠢᠯ ᠬᠢᠵᠦ᠂ ᠪᠥᠬᠦ ᠨᠡᠶᠢᠭᠡᠮ ᠤᠨ ᠬᠢᠨ ᠤ ᠬᠡᠭᠡᠷ᠎ᠡ ᠶᠢᠨ ᠤᠷᠭᠤᠮᠠᠯ ᠢ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠬᠦᠯᠦᠨ᠎ᠡ᠃ | ᠬᠤᠷᠢᠨ ᠨᠢᠭᠡᠳᠦᠭᠡᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ᠂ ᠢᠯᠠᠩᠭᠤᠶ᠎ᠠ ᠤᠢ ᠰᠢᠭᠤᠢ᠂ ᠤᠢ ᠮᠣᠳᠣ᠂ ᠣᠶᠢᠲᠤ ᠭᠠᠵᠠᠷ᠂ | ᠨᠤᠲᠤᠭ ᠪᠡᠯᠴᠢᠭᠡᠷ ᠪᠠ ᠨᠤᠭᠤ ᠭᠠᠵᠠᠷ ᠤᠨ ᠥᠮᠴᠢᠯᠡᠯ ᠤᠨ ᠡᠷᠬᠡᠲᠦ ᠬᠥᠮᠥᠨ᠂ ᠳᠠᠭᠠᠭᠠᠴᠢᠯᠠᠨ ᠡᠵᠡᠩᠨᠡᠬᠦ ᠡᠷᠬᠡᠲᠦ ᠬᠥᠮᠥᠨ ᠪᠤᠶᠤ ᠬᠡᠷᠡᠭᠯᠡᠬᠦ ᠡᠷᠬᠡᠲᠦ ᠬᠥᠮᠥᠨ ᠴᠥᠮ | ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠶᠤᠰᠤᠳᠠᠢ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠵᠢᠴᠢ ᠲᠡᠭᠦᠨ ᠤ ᠥᠰᠦᠯᠲᠡ ᠶᠢᠨ ᠣᠷᠴᠢᠨ | ᠨᠥᠬᠦᠴᠡᠯ ᠢ ᠡᠪᠳᠡᠭᠰᠡᠨ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃ ᠬᠤᠲᠠ᠂ ᠬᠤᠰᠢᠭᠤ ︵ᠬᠤᠲᠠ᠂ | ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠠᠭᠠᠯᠳᠤᠬᠤ᠂ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠵᠤ᠂ ᠵᠠᠭᠠᠯᠳᠤᠬᠤ᠂ ᠢᠯᠡᠴᠢᠯᠡᠨ | ᠮᠡᠳᠡᠭᠦᠯᠬᠦ ᠠᠷᠭ᠎ᠠ ᠮᠠᠶ᠋ᠢᠭ ᠢ ᠨᠡᠶᠢᠲᠡᠯᠡᠨ᠎ᠡ᠃ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠣᠯᠣᠭᠰᠠᠨ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ | ᠬᠠᠷᠢᠭᠤᠴᠠᠯᠭ᠎ᠠ ᠶᠢᠨ ᠢᠶᠠᠨ ᠶᠣᠰᠣᠭᠠᠷ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠪᠥᠭᠡᠳ ᠵᠠᠭᠠᠯᠳᠤᠭᠴᠢ ᠪᠤᠶᠤ ᠢᠯᠡᠴᠢᠯᠡᠨ ᠮᠡᠳᠡᠭᠦᠯᠦᠭᠴᠢ ᠶᠢᠨ ᠬᠠᠤᠯᠢ | ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠲᠤᠰ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠬᠠᠷᠢᠶᠠᠯᠠᠭᠳᠠᠬᠤ ᠦᠭᠡᠢ ᠪᠠᠶᠢᠪᠠᠯ᠂ | ᠬᠠᠷᠢᠶᠠᠯᠠᠯ ᠤᠨ ᠡᠷᠬᠡ ᠲᠠᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠰᠢᠯᠵᠢᠭᠦᠯᠦᠨ ᠬᠦᠷᠭᠡᠨ᠎ᠡ᠂ ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ | ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠵᠠᠭᠠᠯᠳᠤᠭᠴᠢ ᠪᠤᠶᠤ ᠢᠯᠡᠴᠢᠯᠡᠨ ᠮᠡᠳᠡᠭᠦᠯᠦᠭᠴᠢ ᠳᠤ ᠮᠡᠳᠡᠭᠳᠡᠨ᠎ᠡ᠃ | ᠬᠤᠷᠢᠨ ᠬᠤᠶᠠᠳᠤᠭᠠᠷ ᠵᠦᠢᠯ ᠳᠠᠭᠠᠭᠠᠴᠢᠯᠠᠨ ᠲᠡᠭᠡᠭᠡᠪᠦᠷᠢᠯᠡᠭᠴᠢ ᠨᠢ ᠲᠡᠭᠡᠭᠡᠪᠦᠷᠢᠯᠡᠭᠰᠡᠨ ᠭᠡᠷᠡᠴᠢ ᠪᠢᠴᠢᠭ ᠪᠠ ᠬᠠᠤᠯᠢ ᠶᠣᠰᠣᠨ ᠤ ᠢᠷᠡᠯᠲᠡ ᠶᠢᠨ ᠭᠡᠷᠡᠴᠢ | ᠪᠢᠴᠢᠭ ᠦᠭᠡᠢ ᠬᠡᠭᠡᠷ᠎ᠡ ᠶᠢᠨ ᠤᠷᠭᠤᠮᠠᠯ ᠬᠢᠭᠡᠳ ᠲᠡᠭᠦᠨ ᠤ ᠦᠢᠯᠡᠳᠬᠦᠨ ᠢ ᠳᠠᠭᠠᠭᠠᠴᠢᠯᠠᠨ ᠲᠡᠭᠡᠭᠡᠪᠦᠷᠢᠯᠡᠵᠦ᠂ ᠬᠤᠷᠢᠶᠠᠨ ᠢᠯᠡᠭᠡᠵᠦ ᠪᠣᠯᠬᠤ ᠦᠭᠡᠢ︔ ᠬᠡᠭᠡᠷ᠎ᠡ ᠶᠢᠨ | ᠤᠷᠭᠤᠮᠠᠯ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠵᠥᠭᠡᠭᠡᠪᠦᠷᠢᠯᠡᠭᠰᠡᠨ᠂ ᠠᠪᠴᠤ ᠶᠠᠪᠤᠭᠰᠠᠨ᠂ ᠢᠯᠡᠭᠡᠭᠰᠡᠨ ᠢ ᠣᠯᠵᠤ ᠮᠡᠳᠡᠪᠡᠯ᠂ ᠬᠡᠭᠡᠷ᠎ᠡ ᠶᠢᠨ | ᠤᠷᠭᠤᠮᠠᠯ ᠢ ᠡᠪᠳᠡᠭᠰᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ | ᠢᠯᠡᠴᠢᠯᠡᠨ ᠮᠡᠳᠡᠬᠦᠯᠦᠨ᠎ᠡ᠃ | ᠬᠤᠷᠢᠨ ᠭᠤᠷᠪᠠᠳᠤᠭᠠᠷ ᠵᠦᠢᠯ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ | ᠠᠵᠢᠯ ᠳᠤᠮᠳᠠ ᠢᠯᠡᠷᠬᠡᠢ ᠠᠮᠵᠢᠯᠲᠠ ᠭᠠᠷᠭᠠᠭᠰᠠᠨ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠢ ᠬᠤᠳᠠ᠂ ᠬᠤᠰᠢᠭᠤ ︵ᠬᠤᠳᠠ᠂ ᠲᠣᠭᠤᠷᠢᠭ︶ ᠶᠢᠨ | ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ | ᠰᠠᠶᠢᠰᠢᠶᠠᠬᠤ ᠪᠠ ᠱᠠᠩᠨᠠᠨ᠎ᠠ᠃ | ᠬᠤᠷᠢᠨ ᠳᠥᠷᠪᠡᠳᠦᠭᠡᠷ ᠵᠦᠢᠯ ᠲᠤᠰ ᠠᠷᠭ᠎ᠠ ᠶᠢᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠥᠢᠯᠡ ᠠᠵᠢᠯᠯᠠᠭ᠎ᠠ ᠶᠢᠨ ᠨᠢᠭᠡ ᠨᠢ ᠪᠠᠶᠢᠵᠤ᠂ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠨᠢᠭᠡᠨᠲᠡ ᠰᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠲᠣᠭᠲᠠᠭᠠᠯ ᠢᠶᠠᠷ ᠨᠢ | ᠶᠠᠪᠤᠭᠤᠯᠤᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠷᠭᠠᠬᠤ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠬᠤᠲᠠ᠂ ᠬᠤᠰᠢᠭᠤ | ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠤᠯᠭᠤᠭᠰᠠᠨ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠬᠦ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠡᠷᠡᠮᠵᠢ ᠥᠭᠬᠦ ᠪᠤᠶᠤ ᠵᠠᠷᠯᠠᠨ | ᠰᠢᠭᠦᠮᠵᠢᠯᠡᠵᠦ᠂ ᠬᠡᠭᠡᠷ᠎ᠡ ᠶᠢᠨ ᠤᠷᠭᠤᠮᠠᠯ ᠢ ᠡᠪᠳᠡᠭᠰᠡᠨ ᠦᠨ᠎ᠡ ᠥᠷᠲᠡᠭ ᠤᠨ ᠬᠤᠶᠠᠷ ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ | ᠰᠢᠳᠭᠡᠵᠦ ᠪᠣᠯᠣᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠡᠭᠡᠷ᠎ᠡ ᠶᠢᠨ ᠤᠷᠭᠤᠮᠠᠯ ᠢ ᠡᠪᠳᠡᠭᠰᠡᠨ ᠦᠨ᠎ᠡ ᠦᠷᠳᠡᠭ ᠤᠨ ᠬᠢᠨᠢ ᠭᠤᠷᠪᠠᠨ | ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠵᠣᠭᠤᠰ ᠢᠶᠠᠷ ᠲᠣᠷᠭᠠᠬᠤ ᠳᠤ ᠬᠦᠷᠪᠡᠯ᠂ | ᠲᠣᠷᠭᠠᠬᠤ ᠵᠣᠭᠤᠰ ᠤᠨ ᠲᠤᠭ᠎ᠠ ᠨᠢ 5000 ᠲᠥᠭᠦᠷᠢᠭ ᠠᠴᠠ ᠬᠡᠲᠦᠷᠡᠵᠦ ᠪᠣᠯᠬᠤ ᠦᠭᠡᠢ᠃ | ᠬᠤᠷᠢᠨ ᠲᠠᠪᠤᠳᠤᠭᠠᠷ ᠵᠦᠢᠯ ᠲᠣᠰ ᠠᠷᠭ᠎ᠠ ᠶᠢᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠮᠠᠯᠲᠠᠬᠤ ᠶᠢ ᠴᠠᠭᠠᠵᠠᠯᠠᠬᠤ ᠣᠷᠣᠨ ᠤ | ᠲᠡᠮᠳᠡᠭ ᠢ ᠡᠪᠳᠡᠭᠰᠡᠨ ᠪᠤᠶᠤ ᠳᠤᠷ᠎ᠠ ᠪᠠᠷ ᠢᠶᠠᠨ ᠰᠢᠯᠵᠢᠭᠦᠯᠦᠭᠰᠡᠨ ᠪᠠᠶᠢᠪᠠᠯ᠂ ᠬᠤᠲᠠ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ | ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠡᠷᠭᠦᠭᠡᠬᠦ ᠵᠠᠷᠤᠳᠠᠯ ᠤᠨ ᠭᠤᠷᠪᠠᠨ ᠳᠠᠬᠢᠨ ᠤ | ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ | ᠬᠤᠷᠢᠨ ᠵᠢᠷᠭᠤᠳᠤᠭᠠᠷ ᠵᠦᠢᠯ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠨᠢ ᠠᠮᠢ ᠠᠬᠤᠢ ᠶᠢᠨ ᠣᠷᠴᠢᠨ | ᠲᠣᠭᠤᠷᠢᠨ ᠢ ᠬᠤᠬᠢᠷᠠᠭᠤᠯᠤᠭᠰᠠᠨ ᠪᠠᠶᠢᠪᠠᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠮᠢ ᠠᠬᠤᠢ ᠶᠢᠨ | ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠠᠷᠠᠭᠠᠯᠠᠯ ᠢ ᠴᠠᠭ ᠲᠤᠬᠠᠢ ᠳᠤᠨᠢ ᠡᠬᠢᠯᠡᠬᠦᠯᠦᠨ᠎ᠡ᠃ | ᠬᠤᠷᠢᠨ ᠳᠣᠯᠣᠳᠤᠭᠠᠷ ᠵᠦᠢᠯ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠡᠭᠡᠷ᠎ᠡ ᠶᠢᠨ ᠤᠷᠭᠤᠮᠠᠯ ᠤᠨ ᠬᠦᠷᠢᠶᠡᠨ ᠳᠠᠬᠢ ᠡᠷᠡᠭᠦᠦ ᠰᠢᠳᠬᠡᠯ ᠤᠨ | ᠵᠤᠯᠭᠠᠭᠤᠯᠤᠯᠳᠠ ᠶᠢ ᠴᠢᠩᠭᠠᠳᠬᠠᠵᠤ᠂ ᠬᠡᠭᠡᠷ᠎ᠡ ᠶᠢᠨ ᠤᠷᠭᠤᠮᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠠᠮᠢ ᠠᠬᠤᠢ ᠶᠢᠨ ᠣᠷᠴᠢᠨ ᠨᠥᠬᠦᠴᠡᠯ ᠤᠨ | ᠬᠤᠬᠢᠷᠠᠯ ᠤᠨ ᠲᠥᠯᠥᠪᠦᠷᠢ ᠦᠭᠬᠦ ᠬᠢᠭᠡᠳ ᠪᠠᠶᠢᠴᠠᠭᠠᠬᠤ ᠬᠤᠷᠢᠶᠠᠨ ᠤ ᠠᠰᠠᠷᠠᠮᠵᠢ ᠶᠢᠨ ᠠᠯᠪᠠᠨ ᠵᠠᠭᠠᠯᠳᠤᠯᠭ᠎ᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ | ᠲᠦᠬᠦᠷᠵᠢᠬᠦᠯᠦᠨ᠎ᠡ᠃ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠴᠠᠭ ᠲᠤᠬᠠᠢ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ | ᠡᠷᠡᠭᠦᠦ ᠶᠢᠨ ᠰᠢᠢᠳᠬᠡᠯ ᠨᠡᠬᠡᠮᠵᠢᠯᠡᠨ᠎ᠡ᠃ | ᠬᠤᠷᠢᠨ ᠨᠠᠢᠮᠠᠳᠤᠭᠠᠷ ᠵᠦᠢᠯ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠤᠷᠢᠶᠠᠨ ᠠᠪᠤᠭᠰᠠᠨ ᠬᠡᠭᠡᠷ᠎ᠡ ᠶᠢᠨ ᠤᠷᠭᠤᠮᠠᠯ ᠵᠢᠴᠢ ᠲᠡᠭᠦᠨ ᠤ ᠪᠦᠲᠦᠭᠡᠭᠳᠡᠬᠦᠨ ᠢ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ᠤᠢ ᠰᠢᠭᠤᠢ ᠪᠠ ᠨᠤᠲᠤᠭ ᠪᠡᠯᠴᠢᠭᠡᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠬᠠᠮᠠᠭᠠᠯᠠᠯᠲᠠ ᠶᠢᠨ | ᠣᠷᠣᠨ ᠪᠦᠰᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠤ ᠲᠣᠭᠲᠠᠭᠠᠯ ᠶᠣᠰᠣᠭᠠᠷ ᠰᠢᠢᠳᠪᠦᠷᠢᠯᠡᠬᠦᠯᠦᠨ᠎ᠡ᠃ | ᠬᠤᠷᠢ ᠶᠢᠰᠦᠳᠦᠭᠡᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ | ᠣᠷᠳᠣᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠪᠤᠰᠤᠳ ᠬᠠᠮᠢᠶ᠎ᠠ ᠪᠦᠬᠦᠢ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ | ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ᠪᠠᠶᠢᠭ᠎ᠠ ᠨᠢᠭᠡᠴᠢ ᠪᠤᠶᠤ | ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ | ᠬᠦᠨᠳᠦ ᠨᠣᠴᠢᠲᠠᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ | ᠶᠣᠰᠣᠭᠠᠷ ᠰᠢᠳᠬᠡᠯ ᠥᠭᠭᠦᠨ᠎ᠡ︔ ᠶᠠᠯ᠎ᠠ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠴᠠᠭ ᠲᠤᠬᠠᠢ ᠳᠤᠨᠢ ᠰᠢᠯᠵᠢᠭᠦᠯᠦᠨ ᠬᠦᠷᠭᠡᠵᠦ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦᠯᠦᠨᠡ᠃ | ᠭᠤᠴᠢᠳᠤᠭᠠᠷ ᠵᠦᠢᠯ ᠲᠣᠰ ᠠᠷᠭ᠎ᠠ ᠶᠢ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |