ᠳᠠᠭᠠᠯᠳᠤᠭᠤᠯᠤᠯ 1 | ᠬᠦᠯᠦᠨ ᠪᠤᠶᠢᠷ ᠬᠤᠲᠠ ᠶᠢᠨ 2024 ᠣᠨ ᠳᠠᠬᠢ ᠠᠷᠠᠳ ᠤᠨ ᠠᠮᠢᠳᠤᠷᠠᠯ ᠤᠨ ᠪᠣᠳᠠᠲᠣ ᠶᠠᠪᠤᠳᠠᠯ ᠤᠨ 40 ᠲᠥᠷᠥᠯ ᠤᠨ ᠨᠠᠷᠢᠨ ᠬᠠᠭᠤᠳᠠᠰᠤ | ᠨᠢᠭᠡ᠂ ᠤᠯᠠᠨ ᠲᠦᠮᠡᠨ ᠤ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠠᠯ᠎ᠠ ᠶᠢᠨ 5 ᠲᠦᠷᠦᠯ | 1. ᠠᠵᠢᠯ ᠤᠯᠬᠤ ᠳᠤ ᠬᠦᠴᠢᠷᠲᠡᠶ 4200 ᠬᠥᠮᠦᠨ ᠳᠤ ᠠᠵᠢᠯ ᠣᠯᠭᠤᠬᠤ ᠶᠢ ᠬᠠᠪᠰᠤᠷᠤᠨ ᠲᠡᠳᠬᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ | 2. ᠵᠡᠮᠳᠡᠭᠴᠦᠳ ᠲᠤ ᠠᠵᠢᠯ ᠣᠯᠭᠤᠬᠤ ᠶᠢ 700 ᠬᠦᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ︶᠃ | 3. ᠠᠳᠠᠯ ᠠᠬᠤᠢ ᠶᠢᠨ ᠦᠢᠯᠡᠴᠢᠯᠡᠭᠡᠨ ᠤ ᠠᠵᠢᠯᠯᠠᠭᠰᠠᠳ ᠢ 2000 ᠨᠡᠷᠡᠰ ᠪᠣᠯᠪᠠᠰᠤᠷᠠᠭᠤᠯᠵᠤ᠂ ᠭᠡᠷ ᠪᠦᠯᠢ ᠶᠢᠨ ᠬᠥᠮᠦᠵᠢᠯ ᠤᠨ ᠵᠢᠭᠠᠨ | ᠵᠢᠯᠣᠭᠤᠳᠣᠭᠴᠢ ᠶᠢ 1000 ᠨᠡᠷᠡᠰ ᠪᠣᠯᠪᠠᠰᠤᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ︶᠃ | 4. ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠠᠵᠢᠯᠯᠠᠭᠠᠨ ᠢ ᠥᠷᠨᠢᠭᠦᠯᠦᠨ᠂ ᠲᠠᠷᠢᠶᠠᠯᠠᠬᠤ ᠮᠠᠯᠵᠢᠬᠤ | ᠡᠷᠦᠬᠡ ᠳᠤ ᠪᠦᠬᠦ ᠬᠡᠯᠬᠢᠶ᠎ᠡ᠂ ᠪᠦᠬᠦ ᠲᠠᠯ᠎ᠠ ᠶᠢᠨ ᠲᠤᠰᠬᠠᠶ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠲᠠᠯᠠᠪᠠᠶ ᠶᠢ 10 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ | ᠳᠠᠶᠢᠴᠢᠯᠠᠨ ᠦᠢᠯᠡᠴᠢᠯᠡᠬᠦ ᠲᠠᠯᠠᠪᠠᠶ ᠶᠢ 310 ᠲᠦᠮᠡᠨ ᠮᠦ ᠠᠴᠠ ᠳᠠᠪᠠᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠤᠭ᠎ᠠ | ᠬᠡᠮᠵᠢᠶ᠎ᠡ ᠶᠢ 1200 ᠠᠴᠠ ᠳᠣᠣᠷ᠎ᠠ ᠪᠠᠶᠢᠯᠭᠠᠬᠤ ᠦᠭᠡᠶ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶᠃ | | 5. ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠪᠦᠷᠢᠨᠰᠢᠬᠦᠯᠦᠨ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠴᠠᠯᠢᠩ ᠢᠶᠠᠨ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠭᠠᠷᠳᠠᠬᠤ ᠶᠢ ᠦᠨᠡᠨᠬᠦ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ | ᠬᠤᠶᠠᠷ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠶᠢᠨ 13 ᠲᠦᠷᠦᠯ | 6. ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠨᠠᠰᠤᠵᠢᠯ ᠤᠨ ᠳᠠᠭᠠᠳᠬᠠᠯ ᠳᠤ | ᠣᠷᠣᠯᠴᠠᠭᠰᠠᠨ ᠬᠥᠮᠦᠨ ᠤ ᠲᠤᠭ᠎ᠠ ᠶᠢ 160 ᠲᠦᠮᠡᠨ ᠬᠦᠮᠦᠨ ᠳᠤ ᠬᠦᠷᠭᠡᠬᠦ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ | 7. ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠡᠬᠢᠯᠡᠵᠦ ᠲᠤᠰᠢᠶᠠᠬᠤ ᠱᠤᠭᠤᠮ ᠢ | 50% ᠪᠠᠷ ᠪᠠᠭᠤᠷᠠᠭᠤᠯᠵᠤ᠂ 30 ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠢ ᠰᠢᠨ᠎ᠡ ᠪᠠᠷ ᠪᠠᠶᠢᠭᠤᠯᠵᠤ᠂ ᠲᠣᠰᠬᠤᠨ ᠪᠠᠯᠭᠠᠰᠤ ᠶᠢᠨ ᠦᠨᠳᠦᠰᠦᠨ | ᠱᠠᠲᠤᠨ ᠤ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠢ ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶᠃ | 8. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠳᠠᠩᠰᠠ ᠲᠠᠶᠢᠯᠬᠤ | ᠬᠠᠷᠢᠴᠠᠯ ᠢ 65% ᠬᠦᠷᠲᠡᠯ᠎ᠡ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠳᠤ ᠬᠦᠷᠭᠡᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶᠃ | 9. 900 ᠡᠷᠦᠬᠡ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠭᠡᠷ ᠪᠦᠯᠢ ᠶᠢ ᠦᠲᠡᠭᠦᠰ ᠲᠤ ᠲᠣᠬᠢᠷᠠᠭᠤᠯᠤᠨ ᠦᠭᠡᠷᠡᠴᠢᠯᠡᠨ ᠰᠢᠨᠡᠳᠬᠡᠵᠦ᠂ ᠰᠤᠮᠤ | ᠰᠢᠶᠠᠩ ᠪᠠᠯᠭᠠᠰᠤ ᠣᠷᠣᠨ ᠪᠦᠰᠡ ᠶᠢᠨ ᠬᠡᠪᠴᠢᠶᠡᠨ ᠳᠤ 14 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ 29 ᠲᠣᠰᠬᠤᠨ ᠤ ᠱᠠᠲᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠬᠠᠷᠢᠯᠴᠠᠨ | ᠬᠠᠪᠰᠤᠷᠤᠯᠴᠠᠬᠤ 30 ᠨᠠᠰᠤᠵᠢᠯ ᠤᠨ ᠠᠰᠠᠷᠠᠮᠵᠢ ᠶᠢᠨ ᠵᠢᠷᠭᠠᠯᠠᠩᠲᠤ ᠬᠦᠷᠢᠶᠡᠯᠡᠩ ᠤᠨ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠦᠨ᠎ᠡ︔ ᠨᠠᠰᠤᠲᠠᠶᠢᠴᠤᠳ ᠤᠨ | ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡᠨ ᠤ ᠠᠵᠢᠯᠯᠠᠭᠠᠨ ᠢ ᠬᠡᠷᠡᠭᠵᠢᠬᠦᠯᠵᠦ᠂ ᠨᠠᠰᠤᠵᠢᠯ ᠤᠨ ᠠᠰᠠᠷᠠᠮᠵᠢ ᠶᠢᠨ ᠬᠤᠭᠤᠯᠠ ᠤᠮᠳᠠ ᠶᠢ ᠲᠤᠰᠠᠯᠠᠬᠤ | ᠦᠢᠯᠡᠴᠢᠯᠡᠭᠡ ᠶᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ ᠳᠤ ᠣᠷᠤᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ | ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶᠃ | 10. ᠨᠢᠯᠬᠠᠰ ᠤᠨ ᠣᠷᠤᠨ ᠲᠤᠭ᠎ᠠ ᠶᠢ 1300 ᠰᠢᠨ᠎ᠡ ᠪᠠᠷ ᠨᠡᠮᠡᠭᠳᠡᠭᠦᠯᠵᠦ᠂ ᠬᠤᠰᠢᠭᠤ ᠬᠤᠲᠠ ᠲᠣᠭᠤᠷᠢᠭ ᠨᠢᠭᠡᠪᠦᠷᠢ ᠠᠯᠪᠠᠨ ᠠᠴᠠ ᠡᠷᠭᠢᠯᠡᠭᠰᠡᠨ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠠᠳᠠᠭ ᠲᠠᠭᠠᠨ 1 ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 11. ᠨᠡᠭᠦᠳᠡᠯ ᠬᠡᠦᠬᠡᠳ ᠰᠠᠭᠤᠭ᠎ᠠ ᠭᠠᠵᠠᠷ ᠲᠠᠭᠠᠨ ᠦᠨᠳᠦᠰᠦᠨ ᠬᠠᠯᠠᠮᠵᠢ ᠬᠦᠷᠲᠡᠬᠦ ᠦᠢᠯᠡᠴᠢᠯᠡᠭᠡᠨ ᠤ ᠨᠠᠷᠢᠨ ᠳᠠᠩᠰᠠ ᠶᠢ ᠪᠠᠶᠢᠭᠤᠯᠵᠤ᠂ ᠰᠢᠶᠠᠨ ᠤ | ᠱᠠᠲᠤᠨ ᠤ ᠨᠠᠰᠤᠨ ᠳᠤ ᠥᠯᠥ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠢ 1 ᠰᠢᠨ᠎ᠡ ᠪᠠᠷ ᠪᠠᠶᠢᠭᠤᠯᠵᠤ ᠦᠭᠡᠷᠡᠴᠢᠯᠡᠨ ᠰᠢᠨᠡᠳᠬᠡᠨ᠎ᠡ ︵ᠲᠦᠷᠦᠭᠦᠯᠡᠨ | ᠬᠠᠷᠢᠭᠤᠴᠠᠬᠤ ᠨᠢᠭᠡᠴᠢ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶᠃ | 12. ᠰᠢᠶᠠᠨ ᠤ ᠱᠠᠲᠤᠨ ᠤ ᠣᠷᠣᠰᠢᠭᠤᠯᠭ᠎ᠠ ᠶᠢᠨ ᠭᠠᠵᠠᠷ ᠢ 1 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ︶᠃ | 13. ᠬᠤᠲᠠ ᠶᠢᠨ ᠲᠠᠰ ᠠᠴᠠ ᠳᠡᠭᠡᠭᠰᠢᠬᠢ ᠬᠡᠦᠬᠡᠳ ᠤᠨ ᠬᠡᠷ ᠢ 4 ᠰᠢᠨ᠎ᠡ ᠪᠠᠷ ᠪᠠᠶᠢᠭᠤᠯᠵᠤ᠂ ᠬᠢᠯᠢ ᠬᠢᠵᠠᠭᠠᠷ᠂ ᠪᠤᠶᠢᠲᠠ ᠪᠦᠭᠯᠡᠭᠦᠦ ᠬᠤᠰᠢᠭᠤ ᠬᠤᠲᠠ | ᠲᠣᠭᠤᠷᠢᠭ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ︶᠃ | 14. 1030 ᠡᠷᠦᠬᠡ ᠬᠦᠴᠢᠷᠳᠡᠯᠲᠡᠶ ᠬᠦᠨᠳᠦ ᠵᠡᠮᠳᠡᠭᠴᠦᠳ ᠤᠨ ᠬᠡᠷ ᠪᠦᠯᠢ ᠳᠤ ᠰᠠᠭᠠᠳ ᠥᠬᠡᠶ ᠪᠣᠯᠭᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ | 330 ᠨᠡᠷᠡᠰ ᠠᠵᠢᠯ ᠤᠯᠬᠤ ᠨᠠᠰᠤᠨ ᠤ ᠣᠶᠤᠨ ᠰᠠᠨᠠᠭ᠎ᠠ ᠪᠠ ᠬᠦᠨᠳᠦ ᠮᠦᠴᠢ ᠶᠢᠨ ᠵᠡᠮᠳᠡᠭᠴᠦᠳ ᠲᠤ ᠨᠠᠶᠢᠳᠠᠨ ᠠᠰᠠᠷᠠᠭᠤᠯᠬᠤ ᠦᠢᠯᠡᠴᠢᠯᠡᠭᠡ ᠥᠷᠨᠢᠭᠦᠯᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ︶᠃ | 15. ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠵᠣᠬᠢᠬᠤ | ᠨᠠᠰᠤᠨ ᠤ ᠡᠮᠡᠭᠲᠡᠶᠢᠴᠦᠳ ᠤᠨ ︽ᠬᠤᠶᠠᠷ ᠥᠮᠡᠨ︾ ᠤ ᠪᠠᠶᠢᠴᠠᠭᠠᠪᠠᠰᠤ ᠵᠣᠬᠢᠬᠤ ᠪᠦᠬᠦᠨ ᠢ ᠰᠢᠭᠰᠢᠨ ᠪᠠᠶᠢᠴᠠᠭᠠᠬᠤ ᠶᠢ ᠪᠡᠶᠡᠯᠡᠭᠦᠯᠦᠨ᠎ᠡ᠃ ᠰᠠᠪᠠᠨ ᠬᠦᠵᠦᠭᠦᠨ ᠤ | ᠥᠮᠡᠨ ᠤ ᠸᠠᠺᠼᠢᠨ ᠤ ᠲᠠᠷᠢᠯᠭ᠎ᠠ ᠬᠢᠯᠭᠡᠬᠦ ᠳᠤᠷᠠᠲᠠᠢ ᠪᠦᠬᠦᠨ ᠳᠤ ᠲᠠᠷᠢᠬᠤ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ ᠨᠥᠬᠦᠴᠡᠯ ᠳᠤ ᠨᠡᠶᠢᠴᠡᠬᠦ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ ︽ᠬᠤᠶᠠᠷ ᠥᠮᠡᠨ︾ | ᠢᠶᠠᠷ ᠣᠨᠣᠰᠢᠯᠠᠭᠳᠠᠭᠰᠠᠨ ᠡᠪᠡᠳᠴᠢᠲᠡᠨ ᠪᠦᠷᠢ ᠳᠤ 1 ᠲᠦᠮᠡᠨ ᠲᠥᠭᠦᠷᠢᠭ ᠤᠨ ᠲᠤᠰᠠᠯᠠᠮᠵᠢ ᠦᠵᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ︶᠃ | 16. ᠣᠷᠣᠯᠭ᠎ᠠ ᠪᠠᠭᠠᠲᠠᠶ ᠶᠠᠳᠠᠭᠤ ᠬᠦᠴᠢᠷᠳᠡᠯᠲᠡᠶ ᠬᠡᠷ ᠪᠦᠯᠢ ᠶᠢᠨ ᠴᠠᠭᠠᠨ ᠬᠠᠷᠠᠩ ᠡᠪᠡᠳᠴᠢᠲᠡᠨ ᠳᠤ ᠰᠦᠢᠳᠬᠡᠯ ᠬᠤᠷᠢᠶᠠᠬᠤ ᠥᠬᠡᠶ ᠪᠠᠷ ᠬᠠᠷᠠᠭ᠎ᠠ | ᠣᠷᠣᠭᠤᠯᠬᠤ ᠮᠡᠰᠡ ᠵᠠᠰᠠᠯ ᠢ 100 ᠠᠴᠠ ᠳᠡᠭᠡᠭᠰᠢ ᠬᠢᠨ᠎ᠡ᠂ ᠬᠢᠯᠢ ᠬᠢᠵᠠᠭᠠᠷ ᠣᠷᠣᠨ ᠤ ᠣᠷᠣᠯᠭ᠎ᠠ ᠪᠠᠭᠠᠲᠠᠶ ᠶᠠᠳᠠᠭᠤ ᠬᠦᠴᠢᠷᠳᠡᠯᠲᠡᠶ ᠬᠡᠷ ᠪᠦᠯᠢ ᠳᠤ ᠡᠪᠦᠳᠦᠭ | ᠦᠶ᠎ᠡ ᠰᠣᠯᠢᠬᠤ ᠮᠡᠰᠡ ᠵᠠᠰᠠᠯ ᠢ 100 ᠠᠴᠠ ᠳᠡᠭᠡᠭᠰᠢ ᠬᠢᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶᠃ | | 17. ᠬᠢᠯᠢ ᠶᠢᠨ ᠬᠤᠰᠢᠭᠤ ᠬᠤᠲᠠ ᠪᠣᠯᠣᠨ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭ᠎ᠠ ᠣᠷᠣᠨ ᠳᠤ ᠰᠦᠢᠳᠬᠡᠯ ᠬᠤᠷᠢᠶᠠᠬᠤ | ᠦᠭᠡᠢ ᠪᠠᠷ ᠴᠠᠭᠠᠨ ᠬᠠᠷᠠᠩ ᠢ ᠬᠠᠷᠠᠭ᠎ᠠ ᠤᠷᠤᠭᠤᠯᠬᠤ ᠮᠡᠰᠡ ᠵᠠᠰᠠᠯ ᠢ 100 ᠬᠢᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠵᠡᠮᠳᠡᠭᠴᠦᠳ ᠤᠨ | ᠬᠤᠯᠪᠣᠭᠠᠲᠤ ᠬᠤᠷᠠᠯ︶᠃ | 18. ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ 5600 ᠬᠥᠮᠦᠨ ᠤ ᠪᠣᠯᠪᠠᠰᠤᠷᠠᠭᠤᠯᠤᠯ ᠪᠠ | ᠲᠦᠭᠡᠮᠡᠯᠵᠢᠭᠦᠯᠦᠯᠲᠡ ᠶᠢᠨ ᠴᠢᠨᠠᠷᠲᠠᠶ ᠪᠣᠯᠪᠠᠰᠤᠷᠠᠭᠤᠯᠤᠯ ᠢ 2.4 ᠲᠦᠮᠡᠨ ᠬᠥᠮᠦᠨ ᠤᠳᠠᠭ᠎ᠠ ᠪᠡᠶᠡᠯᠡᠭᠦᠯᠵᠦ᠂ ᠣᠯᠠᠨ ᠨᠡᠶᠢᠲᠡ ᠶᠢᠨ ᠲᠠᠯᠠᠪᠤᠷ ᠲᠤ ᠠᠦ᠋ᠲ᠋ᠣ᠋ ᠪᠡᠶ᠎ᠡ ᠶᠢᠨ | ᠭᠠᠳᠠᠨᠠᠬᠢ ᠴᠡᠴᠡᠷᠡᠯᠲᠡ ᠠᠷᠢᠯᠭᠠᠭᠤᠷ ᠢ 20 ᠠᠴᠠ ᠳᠡᠭᠡᠭᠰᠢ ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠬᠤᠲᠠ ᠶᠢᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ︶᠃ | |