ᠬᠦᠯᠦᠨ ᠵᠠᠰᠠᠭ ᠥᠰᠥᠭ ︹2024︺ 13 ᠳ᠋ᠤᠭᠠᠷ ᠲᠣᠭᠠᠲᠤ | ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠥᠯᠥᠨ | ᠪᠤᠶᠢᠷ ᠬᠤᠲᠠ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠳᠤ᠄ | ᠣᠶᠢᠷ᠎ᠠ ᠶᠢᠨ ᠵᠢᠯ ᠤᠳ ᠲᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠦᠷᠦᠯ ᠤᠨ ᠬᠢᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠦᠨᠳᠦᠰᠦᠯᠡᠨ | ᠴᠠᠭ ᠠᠭᠤᠷ ᠢ ᠬᠠᠶᠢᠨ ᠬᠡᠮᠵᠢᠬᠦ ᠤᠯᠠᠨ ᠲᠦᠷᠦᠯ ᠤᠨ ᠲᠥᠬᠦᠭᠡᠷᠦᠮᠵᠢ ᠶᠢ ᠵᠣᠬᠢᠶᠠᠨ ᠪᠠᠶᠢᠭᠤᠯᠵᠤ᠂ ᠮᠠᠨ ᠤ ᠬᠤᠲᠠ ᠶᠢᠨ ᠨᠡᠶᠢᠭᠡᠮ ᠤᠨ ᠴᠠᠭ ᠠᠭᠤᠷ ᠤᠨ | ᠠᠵᠢᠭᠯᠠᠯᠲᠠ ᠶᠢᠨ ᠲᠣᠣᠷ ᠢ ᠦᠨᠳᠦᠰᠦᠨ ᠳᠡᠭᠡᠨ ᠪᠦᠷᠢᠯᠳᠦᠭᠦᠯᠵᠦ᠂ ᠶᠡᠷᠦᠩᠬᠡᠶᠢᠯᠡᠭᠰᠡᠨ ᠴᠠᠭ ᠠᠭᠤᠷ ᠤᠨ ᠠᠵᠢᠭᠯᠠᠯᠲᠠ ᠶᠢᠨ ᠥᠷᠲᠡᠭᠡᠨ ᠤ ᠲᠣᠣᠷ ᠤᠨ ᠬᠦᠷᠦᠯᠴᠡᠬᠦ | ᠦᠭᠡᠢ ᠲᠠᠯ᠎ᠠ ᠶᠢ ᠪᠦᠲᠦᠮᠵᠢᠲᠡᠶ ᠪᠠᠷ ᠨᠥᠬᠦᠪᠦᠷᠢᠯᠡᠵᠦ᠂ ᠴᠠᠭ ᠠᠭᠤᠷ ᠤᠨ ᠬᠢᠨᠠᠨ ᠬᠡᠮᠵᠢᠯᠲᠡ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠬᠦ᠂ ᠬᠢᠨᠠᠨ ᠬᠡᠮᠵᠢᠯᠲᠡ ᠶᠢᠨ | ᠪᠠᠯᠠᠢ ᠣᠷᠣᠨ ᠢ ᠨᠥᠬᠦᠪᠦᠷᠢᠯᠡᠬᠦ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃ ᠡᠭᠦᠨ ᠤ ᠵᠡᠷᠭᠡ ᠳᠤ᠂ ᠠᠵᠢᠭᠯᠠᠨ ᠬᠡᠮᠵᠢᠬᠦ ᠪᠠᠷᠢᠮᠵᠢᠶ᠎ᠠ ᠨᠢ ᠠᠳᠠᠯᠢ | ᠦᠭᠡᠢ᠂ ᠬᠠᠶᠢᠨ ᠬᠡᠮᠵᠢᠬᠦ ᠣᠷᠴᠢᠨ ᠨᠥᠬᠦᠴᠡᠯ ᠨᠢ ᠵᠢᠭᠳᠡ ᠦᠭᠡᠢ᠂ ᠠᠵᠢᠭᠯᠠᠨ ᠬᠡᠮᠵᠢᠬᠦ ᠨᠠᠷᠢᠪᠴᠢᠯᠠᠴᠠ ᠪᠠ ᠳᠠᠪᠲᠠᠮᠵᠢ ᠶᠢᠨ ᠵᠥᠷᠢᠶ᠎ᠡ ᠵᠢᠴᠢ ᠲᠤᠭ᠎ᠠ ᠪᠠᠷᠢᠮᠲᠠ ᠶᠢᠨ | ᠵᠤᠯᠭᠠᠭᠤᠯᠤᠯ᠂ ᠰᠲ᠋ᠢᠯᠢ ᠬᠡᠯᠪᠡᠷᠢ ᠨᠢ ᠨᠢᠭᠡᠳᠦᠯ ᠦᠭᠡᠢ ᠵᠡᠷᠭᠡ ᠦᠵᠡᠭᠳᠡᠯ ᠣᠷᠣᠰᠢᠵᠤ᠂ ᠲᠤᠭ᠎ᠠ ᠪᠠᠷᠢᠮᠲᠠ ᠶᠢᠨ ᠬᠡᠷᠡᠭᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ | ᠪᠠ ᠶᠡᠷᠦᠩᠬᠡᠶᠢᠯᠡᠭᠰᠡᠨ ᠦᠷ᠎ᠡ ᠠᠰᠢᠭ ᠤᠨ ᠪᠠᠳᠠᠷᠠᠭᠤᠯᠤᠯᠲᠠ ᠶᠢ ᠬᠦᠨᠳᠦ ᠨᠣᠴᠢᠲᠠᠢ ᠬᠢᠵᠠᠭᠠᠷᠯᠠᠵᠠᠢ᠃ ᠪᠦᠬᠦ ᠬᠤᠲᠠ ᠶᠢᠨ ᠨᠡᠶᠢᠭᠡᠮ ᠤᠨ ᠴᠠᠭ ᠠᠭᠤᠷ ᠤᠨ | ᠠᠵᠢᠭᠯᠠᠯᠲᠠ ᠶᠢᠨ ᠨᠢᠭᠡᠳᠦᠯᠲᠡᠢ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠵᠠᠰᠠᠭ ᠤᠨ ᠣᠷᠳᠣᠨ | ᠭᠤᠣᠯᠯᠠᠨ ᠤᠳᠤᠷᠢᠳᠬᠤ᠂ ᠠᠵᠢᠯ ᠲᠥᠷᠥᠯ ᠭᠤᠣᠯᠯᠠᠨ ᠬᠠᠮᠢᠶᠠᠷᠬᠤ᠂ ᠰᠠᠯᠠᠭ᠎ᠠ ᠮᠥᠴᠢᠷ ᠬᠠᠮᠲᠤᠪᠠᠷ ᠪᠠᠶᠢᠭᠤᠯᠬᠤ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ | ᠬᠠᠮᠢᠶᠠᠷᠤᠯᠲᠠ ᠪᠠ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠶᠡᠷᠦᠩᠬᠡᠶᠢᠯᠡᠭᠰᠡᠨ ᠴᠠᠭ ᠠᠭᠤᠷ ᠤᠨ ᠠᠵᠢᠭᠯᠠᠯᠲᠠ ᠶᠢᠨ ᠦᠷ᠎ᠡ ᠠᠰᠢᠭ ᠢ ᠨᠡᠩ ᠰᠠᠶᠢᠨ | ᠪᠠᠳᠠᠷᠠᠭᠤᠯᠬᠤ ᠶᠢᠨ ᠲᠤᠰᠠᠳᠠ᠂ ︽ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠬᠥᠲᠥᠯᠪᠦᠷᠢ ︵2022 — 2035 ᠣᠨ︶︾ ︵ᠲᠦᠷᠦ | ᠲᠠᠷᠬᠠᠭᠠᠭᠰᠠᠨ ﹇2022﹈ 11 ᠳ᠋ᠤᠭᠡᠷ ᠲᠣᠭᠠᠲᠤ︶᠂ ︽ᠳ᠋ᠠᠶᠢᠲ᠋ᠠ ᠶᠢᠨ ᠰᠠᠭᠤᠷᠢ ᠳᠦᠷᠢᠮ ᠢ ᠪᠠᠶᠢᠭᠤᠯᠵᠤ ᠳ᠋ᠠᠶᠢᠲ᠋ᠠ ᠶᠢᠨ ᠡᠯᠧᠮᠧᠨ᠋ᠲ ᠤᠨ ᠦᠢᠯᠡᠳᠦᠯ ᠢ ᠨᠠᠩ | ᠰᠠᠶᠢᠲᠤᠷ ᠪᠠᠳᠠᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ︵ᠥᠪᠥᠷ ᠨᠠᠮ ᠲᠠᠷᠬᠠᠭᠠᠭᠰᠠᠨ ︹2024︺ 4 ᠳ᠋ᠤᠭᠡᠷ ᠲᠣᠭᠠᠲᠤ︶᠂ ︽ᠴᠠᠭ ᠠᠭᠤᠷ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ | ᠥᠪᠥᠷ ᠵᠠᠰᠠᠭ ᠲᠠᠷᠬᠠᠭᠠᠭᠰᠠᠨ ︹2021︺ 16 ᠳ᠋ᠤᠭᠠᠷ ᠲᠣᠭᠠᠲᠤ︶ ᠪᠠ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠬᠦᠯᠦᠨ ᠵᠠᠰᠠᠭ ᠲᠠᠷᠬᠠᠭᠠᠭᠰᠠᠨ ︹2022︺ | 33 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠠᠵᠢᠯ ᠢ ᠳᠣᠣᠷᠠᠬᠢ ᠮᠡᠲᠦ | ᠮᠡᠳᠡᠭᠳᠡᠶ᠎ᠡ᠄ | ᠨᠢᠭᠡ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠶᠢ ᠴᠢᠩᠭᠠᠷᠠᠭᠤᠯᠵᠤ ᠴᠠᠭ ᠠᠭᠤᠷ ᠤᠨ ᠬᠠᠶᠢᠨ ᠬᠡᠮᠵᠢᠯᠲᠡ ᠶᠢᠨ ᠲᠥᠬᠦᠭᠡᠷᠦᠮᠵᠢ ᠶᠢ ᠨᠢᠭᠡᠳᠦᠯᠲᠡᠢ | ᠲᠥᠯᠥᠪᠵᠢᠭᠦᠯᠦᠨ᠎ᠡ | ︵ᠨᠢᠭᠡ︶ ᠨᠢᠭᠡᠳᠦᠯᠲᠡᠢ ᠲᠥᠯᠥᠪᠵᠢᠭᠦᠯᠵᠦ ᠪᠦᠲᠦᠭᠡᠨ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠲᠦᠷᠦᠭᠦᠯᠡᠨ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠪᠠ ᠥᠷᠲᠡᠭᠡ ᠲᠣᠣᠷ ᠤᠨ ᠪᠠᠶᠢᠷᠢᠰᠢᠭᠤᠯᠤᠯᠲᠠ ᠶᠢᠨ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ | ᠨᠡᠶᠢᠭᠡᠮ ᠤᠨ ᠴᠠᠭ ᠠᠭᠤᠷ ᠤᠨ ᠬᠢᠨᠠᠨ ᠠᠵᠢᠭᠯᠠᠯᠳᠠ ᠬᠠᠶᠢᠨ ᠬᠡᠮᠵᠢᠯᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠳᠠ ᠶᠢ ᠨᠢᠭᠡᠳᠦᠯᠳᠡᠢ ᠲᠦᠯᠦᠪᠵᠢᠬᠦᠯᠦᠨ᠎ᠡ᠃ | ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠵᠣᠬᠢᠶᠠᠨ ᠪᠠᠶᠢᠭᠤᠯᠤᠯᠲᠠ ᠶᠢᠨ ᠴᠠᠭ ᠠᠭᠤᠷ ᠤᠨ | ᠭᠠᠮᠰᠢᠭ ᠤᠨ ᠰᠡᠷᠭᠡᠭ ᠣᠷᠣᠨ᠂ ᠠᠮᠠᠷᠬᠠᠨ ᠡᠭᠦᠰᠳᠡᠭ ᠣᠷᠣᠨ ᠳᠤ ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠪᠠᠶᠢᠷᠢᠯᠠᠭᠤᠯᠬᠤ ᠪᠤᠶᠤ ᠨᠢᠭᠤᠴᠠᠯᠠᠬᠤ ᠶᠢ | ᠵᠤᠷᠢᠭᠵᠢᠭᠤᠯᠤᠨ᠎ᠠ᠃ ᠡᠯ᠎ᠡ ᠨᠢᠭᠡᠴᠢ ᠶᠢᠨ ᠥᠪᠡᠷ ᠲᠡᠭᠡᠨ ᠪᠠᠶᠢᠭᠤᠯᠬᠤ ᠪᠠ ᠪᠠᠶᠢᠭᠤᠯᠬᠤ ᠪᠠᠷ ᠪᠠᠶᠢᠭ᠎ᠠ ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠶᠢ | ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠪᠦᠲᠦᠭᠡᠨ ᠪᠠᠶᠢᠭᠤᠯᠬᠤ ᠬᠠᠮᠢᠶᠠᠷᠤᠯᠲᠠ ᠳᠤ ᠬᠠᠮᠤᠷᠤᠭᠤᠯᠵᠤ᠂ ᠪᠦᠲᠦᠭᠡᠨ ᠪᠠᠶᠢᠭᠤᠯᠬᠤ ᠠᠴᠠ ᠡᠮᠦᠨ᠎ᠡ ᠬᠠᠷᠢᠶ᠎ᠠ | ᠭᠠᠵᠠᠷ ᠤᠨ ᠴᠠᠭ ᠠᠭᠤᠷ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠳᠠᠪᠬᠤᠷᠳᠠᠭᠤᠯᠤᠨ ᠪᠡᠯᠡ ᠣᠷᠣᠭᠤᠯᠬᠤ᠂ ᠳᠠᠪᠬᠤᠷᠳᠠᠭᠤᠯᠤᠨ ᠪᠦᠲᠦᠭᠡᠨ | ᠪᠠᠶᠢᠭᠤᠯᠬᠤ ᠠᠴᠠ ᠵᠠᠶᠢᠯᠠᠰᠬᠢᠨ᠎ᠠ᠃ | ︵ᠬᠤᠶᠠᠷ︶ ᠴᠠᠭ ᠲᠤᠬᠠᠢ ᠳᠤᠨᠢ ᠪᠦᠷᠢᠳᠬᠡᠨ ᠳᠡᠩᠰᠡᠯᠡᠵᠦ ᠮᠡᠳᠡᠭᠡᠯᠡᠨ᠎ᠡ᠃ ᠡᠯ᠎ᠡ ᠨᠢᠭᠡᠴᠢ ᠶᠢᠨ ᠨᠢᠭᠡᠨᠲᠡ ᠪᠠᠶᠢᠭᠤᠯᠤᠭᠰᠠᠨ ᠪᠠ ᠰᠢᠨ᠎ᠡ ᠪᠠᠷ | ᠪᠠᠶᠢᠭᠤᠯᠤᠭᠰᠠᠨ ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠶᠢᠨ ᠭᠠᠵᠠᠷ ᠵᠦᠢ ᠶᠢᠨ ᠪᠠᠶᠢᠷᠢᠯᠠᠯ᠂ ᠬᠠᠷᠠᠯᠲᠠᠲᠤ ᠬᠡᠷᠡᠭᠴᠡᠭᠡ᠂ ᠲᠥᠬᠦᠭᠡᠷᠦᠮᠵᠢ ᠶᠢᠨ | ᠪᠣᠯᠵᠣᠯᠲᠤ ᠲᠤᠭ᠎ᠠ ᠵᠡᠷᠭᠡ ᠮᠡᠳᠡᠭᠡ ᠵᠠᠩᠭᠢ ᠶᠢ ᠴᠠᠭ ᠠᠭᠤᠷ ᠤᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ ᠴᠠᠭ | ᠠᠭᠤᠷ ᠤᠨ ᠰᠠᠯᠠᠭ᠎ᠠ ᠮᠥᠴᠢᠷ ᠤᠳ ᠪᠥᠬᠦ ᠬᠤᠲᠠ ᠶᠢᠨ ᠨᠡᠶᠢᠭᠡᠮ ᠤᠨ ᠴᠠᠭ ᠠᠭᠤᠷ ᠢ ᠠᠵᠢᠭᠯᠠᠨ ᠬᠡᠮᠵᠢᠬᠦ ᠬᠠᠶᠢᠨ ᠬᠡᠮᠵᠢᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ᠂ ᠪᠠᠶᠢᠷᠢᠰᠢᠭᠤᠯᠤᠯᠲᠠ ᠶᠢᠨ ᠪᠠᠶᠢᠳᠠᠯ ᠢ ᠪᠦᠷᠢᠳᠬᠡᠨ ᠡᠮᠬᠢᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠶᠢ ᠬᠠᠷᠢᠭᠤᠴᠠᠵᠤ᠂ ᠪᠥᠬᠦ | ᠬᠤᠲᠠ ᠶᠢᠨ ᠶᠡᠷᠦᠩᠬᠡᠶᠢᠯᠡᠭᠰᠡᠨ ᠴᠠᠭ ᠠᠭᠤᠷ ᠢ ᠠᠵᠢᠭᠯᠠᠨ ᠬᠡᠮᠵᠢᠬᠦ ᠲᠣᠣᠷ ᠰᠦᠯᠵᠢᠶ᠎ᠡ ᠳᠤ ᠲᠥᠷᠥᠯ ᠬᠤᠪᠢᠶᠠᠨ ᠣᠷᠣᠭᠤᠯᠬᠤ ᠶᠢ ᠠᠯᠬᠤᠮ ᠠᠯᠬᠤᠮ ᠢᠶᠠᠷ | ᠠᠬᠢᠭᠤᠯᠤᠨ᠎ᠠ᠃ ᠭᠠᠳᠠᠭᠠᠳᠤ ᠳᠤ ᠬᠤᠯᠪᠣᠭᠳᠠᠬᠤ ᠴᠠᠭ ᠠᠭᠤᠷ ᠤᠨ ᠬᠠᠶᠢᠨ ᠬᠡᠮᠵᠢᠯᠲᠡ ᠶᠢᠨ ᠦᠷᠲᠡᠭᠡ ︵ᠴᠡᠭ︶ ᠪᠠᠶᠢᠭᠤᠯᠬᠤ ᠳᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ︽ᠭᠠᠳᠠᠭᠠᠳᠤ ᠳᠤ ᠬᠤᠯᠪᠣᠭᠳᠠᠬᠤ ᠴᠠᠭ ᠠᠭᠤᠷ ᠤᠨ ᠬᠠᠶᠢᠨ ᠬᠡᠮᠵᠢᠯᠲᠡ ᠪᠠ ᠮᠠᠲ᠋ᠧᠷᠢᠶᠠᠯ ᠤᠨ | ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠨ᠎ᠡ᠃ | ︵ᠭᠤᠷᠪᠠ︶ ᠠᠵᠢᠯ ᠲᠥᠷᠥᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠨ | ᠵᠣᠬᠢᠴᠠᠭᠤᠯᠬᠤ ᠪᠠᠨ ᠴᠢᠩᠭᠠᠳᠬᠠᠵᠤ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠵᠢᠯᠤᠭᠤᠳᠬᠤ ᠪᠠᠨ | ᠴᠢᠩᠭᠠᠷᠠᠭᠤᠯᠤᠨ᠎ᠠ᠃ ᠡᠯ᠎ᠡ ᠨᠢᠭᠡᠴᠢ ᠨᠦᠭᠦᠳ ᠴᠠᠭ ᠠᠭᠤᠷ ᠤᠨ ᠠᠵᠢᠯ ᠲᠥᠷᠥᠯ ᠤᠨ ᠪᠠᠷᠢᠮᠵᠢᠶ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠱᠠᠭᠠᠷᠳᠠᠯᠭ᠎ᠠ ᠶᠣᠰᠣᠭᠠᠷ᠂ ᠴᠠᠭ ᠠᠭᠤᠷ ᠢ ᠠᠵᠢᠭᠯᠠᠨ ᠬᠡᠮᠵᠢᠬᠦ ᠠᠵᠢᠯᠯᠠᠭ᠎ᠠ ᠶᠢ ᠠᠯᠬᠤᠮ ᠠᠯᠬᠤᠮ ᠢᠶᠠᠷ ᠵᠢᠷᠤᠮᠵᠢᠭᠤᠯᠵᠤ᠂ ᠲᠤᠭ᠎ᠠ ᠪᠠᠷᠢᠮᠲᠠ ᠶᠢᠨ ᠵᠠᠭᠪᠤᠷ ᠤᠨ | ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠴᠠᠭ ᠠᠭᠤᠷ ᠢ ᠬᠠᠶᠢᠨ ᠬᠡᠮᠵᠢᠬᠦ ᠪᠡᠯᠡᠳᠬᠡᠮᠵᠢ ᠶᠢᠨ ᠬᠡᠮᠵᠢᠯᠲᠡ ᠶᠢ ᠰᠢᠯᠭᠠᠨ ᠲᠣᠭᠲᠠᠭᠠᠬᠤ᠂ ᠲᠣᠭᠤᠷᠢᠨ ᠪᠠᠶᠢᠴᠠᠭᠠᠵᠤ | ᠬᠠᠷᠭᠤᠭᠤᠯᠬᠤ ᠪᠠ ᠬᠠᠮᠠᠭᠠᠯᠠᠵᠤ ᠰᠡᠯᠪᠢᠨ ᠵᠠᠰᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠡᠬᠢ | ᠪᠠᠶᠠᠯᠢᠭ ᠤᠨ ᠰᠠᠭᠤᠷᠢ ᠶᠢ ᠳᠡᠭᠡᠭᠰᠢᠯᠡᠬᠦᠯᠦᠨ᠎ᠡ᠃ ᠰᠢᠨ᠎ᠡ ᠪᠠᠷ ᠪᠠᠶᠢᠷᠢᠯᠠᠭᠤᠯᠤᠭᠰᠠᠨ ᠪᠠ ᠲᠥᠯᠥᠪᠵᠢᠭᠦᠯᠦᠨ ᠪᠦᠲᠦᠭᠡᠨ ᠪᠠᠶᠢᠭᠤᠯᠬᠤ ᠴᠠᠭ ᠠᠭᠤᠷ ᠤᠨ ᠬᠠᠶᠢᠨ | ᠬᠡᠮᠵᠢᠯᠲᠡ ᠶᠢᠨ ᠲᠥᠬᠦᠭᠡᠷᠦᠮᠵᠢ᠂ ᠴᠠᠭ ᠠᠭᠤᠷ ᠤᠨ ᠮᠡᠷᠭᠡᠵᠢᠯ ᠤᠨ ᠲᠤᠰᠬᠠᠢ ᠬᠡᠷᠡᠭᠯᠡᠭᠡᠨ ᠤ ᠲᠣᠨᠣᠭᠯᠠᠯ ᠨᠢ ᠤᠯᠤᠰ ᠤᠨ ᠪᠠᠷᠢᠮᠵᠢᠶ᠎ᠠ ᠪᠤᠶᠤ ᠠᠵᠢᠯ ᠲᠦᠷᠦᠯ ᠤᠨ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠡᠩ ᠤᠨ ᠪᠠᠶᠢᠳᠠᠯ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ | ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ᠬᠡᠷᠡᠭᠯᠡᠬᠦ ᠵᠥᠪᠰᠢᠶᠡᠷᠡᠯ ᠤᠨ ᠦᠨᠡᠮᠯᠡᠯ ᠲᠠᠢ ᠪᠠᠶᠢᠬᠤ | ᠬᠡᠷᠡᠭᠲᠡᠢ᠃ | ᠬᠤᠶᠠᠷ᠂ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠷᠠᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ᠎ᠠ | ︵ᠨᠢᠭᠡ︶ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠲᠣᠭᠲᠠᠴᠠ ᠶᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠲᠦᠷᠦᠭᠦᠯᠡᠨ | ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠲᠤᠭ᠎ᠠ ᠪᠠᠷᠢᠮᠲᠠ ᠪᠠ ᠮᠠᠲ᠋ᠧᠷᠢᠶᠠᠯ ᠢ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠶᠢᠨ ᠳᠦᠷᠢᠮ ᠢ | ᠲᠣᠭᠲᠠᠭᠠᠵᠤ᠂ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠲᠥᠷᠥᠯ ᠵᠦᠢᠯ ᠤᠨ ᠴᠠᠭ ᠠᠭᠤᠷ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ | ᠬᠡᠪᠴᠢᠶ᠎ᠡ᠂ ᠵᠠᠭᠪᠤᠷ ᠪᠠ ᠲᠠᠰ ᠳᠠᠷᠠᠭᠠᠯᠠᠯ ᠢ ᠵᠢᠷᠤᠮᠵᠢᠭᠤᠯᠤᠨ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠲᠤᠭ᠎ᠠ ᠪᠠᠷᠢᠮᠲᠠ ᠶᠢ ᠠᠰᠢᠭᠯᠠᠬᠤ ᠲᠦᠪᠰᠢᠨ ᠢ | ᠳᠡᠭᠡᠭᠰᠢᠯᠡᠭᠦᠯᠦᠨ᠎ᠡ᠃ ᠡᠯ᠎ᠡ ᠨᠢᠭᠡᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠳᠤ | ᠣᠯᠣᠭᠰᠠᠨ ᠴᠠᠭ ᠠᠭᠤᠷ ᠤᠨ ᠬᠠᠶᠢᠨ ᠬᠡᠮᠵᠢᠯᠲᠡ ᠶᠢᠨ ᠮᠠᠲ᠋ᠧᠷᠢᠶᠠᠯ ᠢᠶᠠᠨ ᠬᠤᠷᠢᠶᠠᠩᠭᠤᠶᠢᠯᠠᠨ ᠲᠤᠰᠢᠶᠠᠵᠤ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ | ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠤᠨ᠎ᠠ᠃ | ︵ᠬᠤᠶᠠᠷ︶ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠨᠡᠶᠢᠭᠡᠮ ᠤᠨ ᠴᠠᠭ | ᠠᠭᠤᠷ ᠤᠨ ᠠᠵᠢᠭᠯᠠᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠬᠠᠳᠠᠭᠠᠯᠠᠬᠤ ᠪᠠ ᠪᠠᠷᠢᠮᠵᠢᠶᠠᠵᠢᠭᠤᠯᠤᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ | ᠬᠠᠮᠢᠶᠠᠷᠬᠤ ᠶᠢ ᠬᠠᠷᠢᠭᠤᠴᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠨᠡᠶᠢᠭᠡᠮ ᠤᠨ ᠴᠠᠭ ᠠᠭᠤᠷ ᠤᠨ | ᠠᠵᠢᠭᠯᠠᠯᠲᠠ ᠶᠢᠨ ᠴᠠᠭ ᠠᠭᠤᠷ ᠤᠨ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ᠂ ᠥᠨᠳᠥᠷ ᠪᠦᠲᠦᠮᠵᠢᠲᠡᠶ ᠠᠰᠢᠭᠯᠠᠬᠤ ᠪᠠ ᠨᠡᠭᠡᠭᠡᠯᠲᠡ ᠬᠢᠵᠦ ᠬᠠᠮᠲᠤᠪᠠᠷ | ᠭᠥᠷᠳᠡᠬᠦ ᠶᠢ ᠰᠦᠪᠡᠭᠴᠢᠯᠡᠨ ᠪᠠᠶᠢᠭᠤᠯᠤᠨ᠎ᠠ᠃ ᠡᠯ᠎ᠡ ᠨᠢᠭᠡᠴᠢ ᠨᠦᠭᠦᠳ ᠨᠢᠭᠤᠴᠠ ᠶᠢ ᠬᠠᠮᠠᠭᠠᠯᠠᠬᠤ᠂ ᠡᠷᠬᠡ ᠠᠰᠢᠭ ᠢᠶᠠᠨ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ | ᠴᠠᠭ ᠠᠭᠤᠷ ᠤᠨ ᠬᠠᠶᠢᠨ ᠬᠡᠮᠵᠢᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ | ᠡᠭᠦᠷᠭᠡᠯᠡᠬᠦ ᠶᠢᠨ ᠬᠠᠮᠲᠤ ᠮᠡᠳᠡᠭᠡ ᠵᠠᠩᠭᠢ ᠳᠠᠮᠵᠢᠭᠤᠯᠬᠤ ᠶᠠᠰᠤ ᠴᠢᠨᠠᠷ ᠪᠠ ᠬᠦᠴᠦᠨ ᠲᠠᠢ ᠬᠤᠭᠤᠴᠠᠭ᠎ᠠ ᠶᠢ ᠦᠨᠡᠨ ᠬᠦ ᠪᠠᠲᠤᠯᠠᠨ᠎ᠠ᠃ | ︵ᠭᠤᠷᠪᠠ︶ ᠲᠤᠭ᠎ᠠ ᠪᠠᠷᠢᠮᠲᠠ ᠶᠢᠨ ᠰᠤᠳᠤᠯᠭᠠᠨ ᠤ ᠲᠣᠭᠲᠠᠴᠠ ᠶᠢ ᠪᠠᠶᠢᠭᠤᠯᠤᠨ᠎ᠠ᠃ ᠡᠯ᠎ᠡ ᠨᠢᠭᠡᠴᠢ ᠨᠦᠭᠦᠳ ᠲᠧᠭᠨᠢᠭ ᠮᠡᠷᠭᠡᠵᠢᠯ᠂ ᠡᠬᠢ ᠪᠠᠶᠠᠯᠢᠭ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠤᠰᠬᠠᠢ ᠮᠡᠷᠭᠡᠵᠢᠯ ᠤᠨ ᠴᠠᠭ ᠠᠭᠤᠷ ᠤᠨ ᠰᠤᠳᠤᠯᠤᠯ ᠪᠣᠯᠣᠨ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠬᠠᠮᠲᠤᠷᠠᠨ | ᠥᠷᠨᠢᠭᠦᠯᠵᠦ᠂ ᠴᠠᠭ ᠠᠭᠤᠷ ᠤᠨ ᠮᠡᠳᠡᠭᠡ ᠵᠠᠩᠭᠢ ᠶᠢᠨ ᠠᠰᠢᠭ ᠢ ᠬᠦᠭᠡᠭᠡᠴᠡᠯᠳᠦᠵᠦ ᠬᠤᠣᠷ ᠬᠥᠨᠥᠭᠡᠯ ᠠᠴᠠ ᠵᠠᠶᠢᠯᠠᠰᠬᠢᠬᠦ ᠦᠢᠯᠡᠳᠦᠯ ᠢ ᠲᠡᠰᠦᠷᠡᠯᠳᠠ ᠦᠭᠡᠢ | ᠪᠠᠳᠠᠷᠠᠭᠤᠯᠤᠨ᠎ᠠ᠃ ᠠᠵᠤ ᠠᠬᠤᠢ ᠨᠡᠶᠢᠭᠡᠮ᠂ ᠠᠮᠢ ᠠᠬᠤᠢ ᠶᠢᠨ ᠣᠷᠴᠢᠨ ᠲᠣᠭᠤᠷᠢᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠬᠥᠳᠡᠭᠡ ᠲᠣᠰᠬᠤᠨ ᠵᠡᠷᠭᠡ ᠶᠢᠨ | ᠲᠤᠭ᠎ᠠ ᠪᠠᠷᠢᠮᠲᠠ ᠬᠢᠭᠡᠳ ᠴᠠᠭ ᠠᠭᠤᠷ ᠤᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠵᠦ᠂ ᠴᠠᠭ ᠠᠭᠤᠷ ᠬᠢᠭᠡᠳ ᠬᠠᠮᠢᠶ᠎ᠠ | ᠪᠦᠬᠦᠢ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠨ ᠠᠭᠤᠰᠤᠯᠴᠠᠬᠤ ᠶᠢ ᠠᠬᠢᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ ᠪᠠ ᠠᠵᠤ ᠦᠢᠯᠡᠰ ᠤᠨ ᠠᠭᠤᠷ | ᠠᠮᠢᠰᠬᠤᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠬᠠᠮᠲᠤᠪᠠᠷ | ᠳᠡᠭᠡᠭᠰᠢᠯᠡᠭᠦᠯᠦᠨ᠎ᠡ᠃ | ︵ᠳᠥᠷᠪᠡ︶ ᠬᠤᠯᠪᠤᠭᠠᠯᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠠᠵᠢᠯ ᠲᠥᠷᠥᠯ ᠤᠨ | ᠬᠠᠮᠢᠶᠠᠷᠤᠯᠲᠠ ᠶᠢᠨ ᠡᠭᠦᠷᠭᠡ ᠴᠢᠳᠠᠪᠬᠢ ᠪᠠᠨ ᠦᠨᠡᠨᠬᠦ ᠭᠦᠢᠴᠡᠳᠬᠡᠵᠦ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ | ᠴᠢᠩᠭᠠᠷᠠᠭᠤᠯᠤᠨ᠂ ᠵᠣᠬᠢᠴᠠᠭᠤᠯᠤᠨ ᠬᠤᠯᠪᠤᠭ᠎ᠠ ᠠᠪᠬᠤ ᠲᠣᠭᠲᠠᠴᠠ ᠪᠣᠯᠣᠨ ᠪᠠᠶᠢᠳᠠᠯ ᠢ ᠮᠡᠳᠡᠭᠳᠡᠬᠦ ᠲᠣᠭᠲᠠᠴᠠ ᠶᠢ ᠲᠦᠷᠦᠭᠦᠯᠡᠨ ᠪᠠᠶᠢᠭᠤᠯᠵᠤ᠂ ᠪᠣᠳᠠᠲᠠᠢ | ᠵᠦᠢᠯᠡᠰ ᠢ ᠰᠤᠳᠤᠯᠤᠨ ᠵᠥᠪᠳᠡᠯᠴᠡᠬᠦ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠪᠡᠯᠡᠳᠬᠡᠮᠵᠢ ᠶᠢᠨ ᠣᠳᠣᠬᠢ | ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠷ ᠲᠤᠲᠤᠮ ᠤᠨ ᠰᠢᠮᠳᠠᠭᠤᠯᠤᠨ ᠭᠦᠢᠴᠡᠳᠬᠡᠬᠦ ᠪᠠ ᠪᠠᠶᠢᠴᠠᠭᠠᠬᠤ ᠶᠢ | ᠴᠢᠩᠭᠠᠷᠠᠭᠤᠯᠤᠨ᠂ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠨᠥᠯᠥᠭᠡᠯᠡᠬᠦ᠂ ᠴᠠᠭ ᠠᠭᠤᠷ ᠤᠨ ᠬᠠᠶᠢᠨ ᠬᠡᠮᠵᠢᠯᠲᠡ ᠶᠢᠨ ᠠᠵᠢᠯᠯᠠᠭ᠎ᠠ ᠶᠢ | ᠳᠤᠷ᠎ᠠ ᠪᠠᠷ ᠢᠶᠠᠨ ᠥᠷᠨᠢᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ | ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠠᠵᠢᠯᠯᠠᠭ᠎ᠠ ᠶᠢᠨ ᠵᠢᠷᠤᠮᠵᠢᠭᠰᠠᠨ ᠶᠠᠪᠤᠭᠳᠠᠯ ᠢ ᠪᠦᠬᠦ ᠲᠠᠯ᠎ᠠ ᠪᠠᠷ ᠠᠬᠢᠭᠤᠯᠤᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ | ᠠᠳᠬᠤᠨ᠎ᠠ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠨᠢᠭᠡᠴᠢ ᠶᠢᠨ ᠬᠢᠨ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠠᠮᠤᠷ ᠲᠦᠪᠰᠢᠨ ᠤ ᠦᠵᠡᠯᠲᠡ᠂ ᠶᠡᠭᠡ ᠲᠠᠯ᠎ᠠ ᠶᠢᠨ ᠦᠵᠡᠯᠲᠡ ᠶᠢ ᠪᠠᠲᠤ ᠪᠤᠶ ᠪᠣᠯᠭᠠᠵᠤ᠂ ᠶᠡᠷᠦᠩᠬᠡᠶᠢᠯᠡᠭᠰᠡᠨ ᠴᠠᠭ ᠠᠭᠤᠷ ᠤᠨ ᠠᠵᠢᠭᠯᠠᠨ ᠬᠡᠮᠵᠢᠬᠦ | ᠥᠷᠳᠡᠭᠡ ᠲᠣᠣᠷ ᠢ ᠨᠢᠭᠡᠳᠦᠯᠲᠡᠢ ᠲᠥᠯᠥᠪᠵᠢᠭᠦᠯᠬᠦ ᠪᠠ ᠪᠦᠲᠦᠭᠡᠨ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰᠬᠠᠢ ᠬᠥᠮᠥᠨ ᠢᠶᠠᠷ | ᠬᠠᠷᠢᠭᠤᠴᠠᠭᠤᠯᠬᠤ ᠶᠢ ᠲᠣᠳᠣᠷᠬᠠᠶᠢᠯᠠᠨ᠂ ᠴᠠᠭ ᠠᠭᠤᠷ ᠢ ᠬᠠᠶᠢᠨ ᠬᠡᠮᠵᠢᠬᠦ ᠪᠡᠯᠡᠳᠬᠡᠮᠵᠢ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠠᠵᠢᠯ ᠤᠨ ᠡᠬᠡ | ᠲᠠᠩᠰᠠ ᠪᠠᠶᠢᠭᠤᠯᠤᠨ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠬᠤᠶᠠᠷ︶ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠡᠯ᠎ᠡ ᠨᠢᠭᠡᠴᠢ ᠶᠢᠨ ᠬᠢᠨ ᠲᠥᠷᠥ ᠶᠢᠨ ᠪᠣᠳᠣᠯᠭ᠎ᠠ ᠶᠢᠨ | ᠲᠠᠯ᠎ᠠ ᠪᠠᠷ ᠬᠠᠷᠢᠯᠴᠠᠨ ᠨᠡᠪᠲᠡᠷᠡᠯᠴᠡᠵᠦ᠂ ᠨᠢᠭᠲᠠ ᠬᠠᠮᠵᠢᠯᠴᠠᠨ᠂ ᠰᠠᠯᠠᠭ᠎ᠠ ᠮᠥᠴᠢᠷ ᠠᠯᠤᠰᠯᠠᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠭᠤᠣᠯᠳᠠᠯᠭ᠎ᠠ ᠲᠠᠢ᠂ | ᠪᠡᠷᠬᠡᠲᠡᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠦᠬᠦ ᠬᠤᠳᠠ ᠶᠢᠨ ᠴᠠᠭ ᠠᠭᠤᠷ ᠤᠨ ᠬᠠᠶᠢᠨ ᠬᠡᠮᠵᠢᠯᠲᠡ ᠶᠢᠨ ᠲᠥᠬᠦᠭᠡᠷᠦᠮᠵᠢ ᠶᠢᠨ ᠨᠢᠭᠡᠳᠦᠯᠲᠡᠢ | ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠦᠴᠦ ᠪᠠᠨ ᠬᠠᠮᠲᠤᠳᠬᠠᠨ ᠴᠢᠩᠭᠠᠳᠬᠠᠵᠤ᠂ ᠨᠡᠶᠢᠭᠡᠮ ᠤᠨ ᠴᠠᠭ ᠠᠭᠤᠷ ᠤᠨ | ᠠᠵᠢᠭᠯᠠᠯᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠬᠡᠷᠡᠭᠯᠡᠯᠲᠡ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ ᠦᠷ᠎ᠡ ᠠᠰᠢᠭ᠂ ᠠᠵᠤ | ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠠᠯᠬᠤᠮ ᠴᠢᠨᠠᠭᠰᠢᠳᠠ ᠳᠡᠭᠡᠭᠰᠢᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠨ᠎ᠠ᠃ | | | 2024 ᠣᠨ ᠤ 3 ᠰᠠᠷ᠎ᠠ ᠶᠢᠨ 13 ᠤ ᠡᠳᠦᠷ | | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | |