ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠭᠦᠯᠬᠦ ᠶᠢ ᠵᠥᠪᠰᠢᠶᠡᠷᠡᠬᠦ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠤᠬᠤᠯᠠᠪᠤᠷᠢ
ᠨᠡᠶᠢᠲᠡᠯᠡᠭᠰᠡᠨ ᠴᠠᠭ᠄
2024/4/1
                           ᠬᠦᠯᠦᠨ ᠵᠠᠰᠠᠭ ᠥᠰᠥᠭ ︹2024︺ 14 ᠳ᠋ᠤᠭᠡᠷ ᠲᠣᠭᠠᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ᠄         ᠲᠠᠨ ᠤ ᠲᠣᠪᠴᠢᠶ᠎ᠠ ᠶᠢᠨ ︽ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠬᠦᠯᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠠᠷᠠᠳ ᠤᠨ ᠶᠠᠪᠤᠳᠠᠯ ᠲᠠᠷᠬᠠᠭᠠᠭᠰᠠᠨ ︹2024︺ 22 ᠳ᠋ᠤᠭᠠᠷ ᠲᠣᠭᠠᠲᠤ︶  ᠶᠢ ᠬᠦᠯᠢᠶᠡᠨ ᠠᠪᠤᠯ᠎ᠠ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠲᠤᠷᠰᠢᠯᠲᠠ ᠶᠢᠨ ᠴᠡᠭ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠲᠤᠭ᠎ᠠ ᠪᠠᠷᠢᠮᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠵᠢᠴᠢ ᠮᠠᠨ ᠤ ᠬᠤᠳᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠬᠢᠨᠠᠮᠠᠭᠠᠢ ᠰᠤᠳᠤᠯᠤᠭᠠᠳ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄         ᠨᠢᠭᠡ᠂ ᠲᠠᠨ ᠤ ᠲᠣᠪᠴᠢᠶ᠎ᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠲᠤᠷᠰᠢᠯᠲᠠ ᠶᠢᠨ ᠴᠡᠭ  ᠢᠶᠠᠷ ᠲᠦᠷᠦᠭᠦᠯᠡᠨ ᠮᠡᠳᠡᠬᠦᠯᠵᠦ᠂ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ ᠢ ᠠᠯᠬᠤᠮ ᠴᠢᠨᠠᠭᠰᠢᠳᠠ ᠲᠡᠭᠦᠯᠳᠡᠷᠵᠢᠭᠦᠯᠬᠦ ᠶᠢᠨ ᠬᠠᠮᠲᠤ ᠭᠤᠶᠤᠴᠢᠯᠠᠨ ᠮᠡᠳᠡᠭᠦᠯᠬᠦ ᠠᠵᠢᠯ ᠢ ᠴᠢᠨᠠᠷ ᠰᠠᠶᠢᠲᠠᠢ ᠪᠡᠶᠡᠯᠡᠬᠦᠯᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃         ᠬᠤᠶᠠᠷ᠂ ᠲᠤᠷᠰᠢᠯᠲᠠ ᠶᠢᠨ ᠴᠡᠭ ᠤᠨ ᠭᠤᠶᠤᠴᠢᠯᠠᠨ ᠮᠡᠳᠡᠭᠦᠯᠬᠦ ᠠᠵᠢᠯ ᠢ ᠮᠠᠨ ᠤ ᠬᠤᠲᠠ ᠶᠢᠨ ᠪᠣᠳᠠᠲᠠᠢ ᠲᠠᠢ ᠨᠢᠭᠲᠠ ᠤᠶᠠᠯᠳᠤᠭᠤᠯᠵᠤ᠂ ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢ ᠣᠨᠣᠴᠠᠲᠠᠢ ᠵᠣᠯᠭᠠᠭᠤᠯᠬᠤ ᠪᠠ ᠨᠠᠰᠤᠵᠢᠯ ᠤᠨ ᠦᠢᠯᠡᠴᠢᠯᠡᠭᠡᠨ ᠠᠵᠢᠯᠯᠠᠭ᠎ᠠ ᠶᠢ ᠣᠶᠤᠨᠴᠢ ᠪᠠᠷ ᠬᠢᠨᠠᠨ ᠬᠠᠮᠢᠶᠠᠷᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠲᠠ ᠶᠢᠨ ᠨᠠᠰᠤᠵᠢᠯ ᠤᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠦᠴᠦᠯᠡᠨ ᠠᠬᠢᠭᠤᠯᠵᠤ᠂ ᠠᠷᠠᠳ ᠣᠯᠠᠨ ᠤ ᠴᠢᠨᠠᠷ ᠰᠠᠶᠢᠲᠠᠢ ᠨᠠᠰᠤᠵᠢᠯ ᠤᠨ ᠦᠢᠯᠡᠴᠢᠯᠡᠭᠡᠨ ᠤ ᠲᠤᠬᠠᠢ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃         ᠭᠤᠷᠪᠠ᠂ ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠭᠦᠯᠬᠦ ᠪᠠ ᠬᠡᠷᠡᠭᠵᠢᠭᠦᠯᠬᠦ ᠬᠤᠭᠤᠴᠠᠭᠠᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠴᠠᠭ ᠲᠤᠬᠠᠢ ᠳᠤᠨᠢ ᠬᠠᠷᠢᠭᠤ ᠮᠡᠳᠡᠭᠦᠯᠦᠨ ᠵᠣᠯᠭᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ᠂ ᠮᠡᠷᠭᠡᠵᠢᠯ ᠬᠢᠭᠡᠳ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠬᠤ ᠶᠢᠨ ᠬᠠᠮᠲᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠳᠤᠮᠳᠠ ᠬᠤᠭᠤᠴᠠᠭᠠᠨ ᠤ ᠦᠨᠡᠯᠡᠨ ᠵᠢᠱᠢᠬᠦ᠂ ᠰᠢᠯᠭᠠᠨ ᠠᠪᠬᠤ ᠪᠡᠯᠡᠳᠬᠡᠯ ᠪᠠ ᠲᠤᠷᠰᠢᠯᠭ᠎ᠠ ᠪᠠᠨ ᠳ᠋ᠦᠩᠨᠡᠬᠦ ᠵᠡᠷᠭᠡ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠲᠤᠷᠰᠢᠯᠲᠠ ᠶᠢᠨ ᠴᠡᠭ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠭᠠᠷᠠᠢ᠃          ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃                                                            2024 ᠣᠨ ᠤ 3 ᠰᠠᠷ᠎ᠠ ᠶᠢᠨ 14 ᠤ ᠡᠳᠦᠷ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ