— ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠭᠡ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠲᠡᠮᠡᠴᠡᠨ ᠣᠯᠬᠤ ᠲᠤᠬᠠᠢ ᠳᠥᠷᠪᠠᠨᠲᠡ | ᠥᠭᠦᠯᠡᠬᠦ ᠨᠢ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ ᠬᠡᠷᠡᠭᠲᠡᠢ᠂ ᠪᠠᠰᠠ ᠰᠢᠨᠵᠢᠯᠡᠬᠦ ᠤᠬᠠᠭᠠᠨ ᠢ | ᠡᠷᠬᠢᠮᠯᠡᠵᠦ᠂ ᠦᠨᠡᠨ ᠠᠴᠠ ᠵᠥᠪ ᠢ ᠡᠷᠢᠬᠦ ᠶᠢ ᠡᠷᠭᠢᠮᠯᠡᠭᠦ ᠬᠡᠷᠡᠭᠲᠡᠢ᠃ ᠡᠳᠡᠭᠡᠷ ᠵᠢᠯ ᠤᠳ ᠲᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯ᠎ᠠ ᠪᠠᠷ | ᠬᠠᠮᠤᠭ ᠤᠨ ᠠᠮᠵᠢᠯᠲᠠ ᠣᠯᠣᠭᠰᠠᠨ ᠭᠠᠵᠠᠷ ᠨᠢ ᠬᠡᠳᠦᠨ ᠦᠶ᠎ᠡ ᠶᠢᠨ ᠬᠥᠮᠥᠰ ᠤᠨ ᠬᠠᠮᠲᠤ ᠶᠢᠨ ᠴᠢᠷᠮᠠᠶᠢᠯᠭ᠎ᠠ ᠳᠤ ᠲᠦᠰᠢᠭᠯᠡᠭᠰᠡᠨ ᠢᠶᠠᠷ ᠪᠠᠷᠠᠬᠤ ᠦᠭᠡᠢ ᠪᠠᠰᠠ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠷᠭ᠎ᠠ ᠪᠠᠷᠢᠯ ᠳᠤ ᠲᠦᠰᠢᠭᠯᠡᠭᠰᠡᠨ ᠶᠤᠮ᠃ ᠣᠶᠢᠷ᠎ᠠ ᠳᠤ ᠮᠠᠰᠢ ᠣᠯᠠᠨ ᠰᠦᠯᠵᠢᠶᠡᠨ ᠠᠨᠳᠠ ᠨᠠᠷ ᠥᠪᠥᠷ ᠮᠣᠩᠭᠤᠯ ᠤᠨ | ᠲᠡᠭᠷᠢ ᠡᠯᠡᠰᠦ ᠶᠢ ᠵᠠᠰᠠᠬᠤ ᠦᠵᠡᠭᠳᠡᠯ ᠢ ᠬᠠᠷᠠᠭᠠᠳ ᠶᠡᠬᠡᠳᠡ ᠰᠣᠴᠢᠵᠠᠭᠠᠪᠠ᠃ ᠲᠡᠩᠭᠡᠯᠢᠭ ᠰᠢᠯᠵᠢᠭᠦᠯᠬᠦ ᠳᠤᠷᠠᠨ ᠤ ᠳᠣᠣᠷ᠎ᠠ᠂ ᠲᠡᠭᠷᠢ ᠡᠯᠡᠰᠦᠨ ᠤ ᠭᠦᠨ ᠳᠠᠬᠢ | ᠡᠯᠡᠰᠦ ᠶᠢ ᠵᠠᠰᠠᠬᠤ ᠲᠤᠬᠠᠢ ᠶᠢᠨ ᠲᠠᠯᠠᠪᠠᠢ ᠨᠢ ᠶᠠᠭ ᠯᠠ ᠠᠪᠴᠢᠭᠰᠠᠨ ᠣᠳᠣᠢ ᠬᠥᠮᠥᠨ ᠤ ᠤᠯᠤᠰ ᠰᠢᠭ᠋ ᠪᠣᠯᠵᠤ᠂ ᠠᠵᠢᠯᠴᠢᠳ ᠰᠦᠯᠵᠢᠯᠳᠦᠨ ᠡᠯᠡᠰᠦ ᠶᠢ ᠵᠠᠰᠠᠬᠤ | ︽ᠰᠢᠳᠢᠲᠦ ᠳᠥᠷᠪᠡᠯᠵᠢᠨ ᠬᠡᠰᠡᠭᠲᠦ ᠡᠪᠡᠰᠦ︾ ᠶᠢ ᠶᠠᠭᠠᠷᠠᠯᠲᠠᠢ ᠳᠡᠪᠢᠰᠦᠨ᠎ᠡ᠃ ᠡᠨᠡ ᠪᠣᠯ ᠪᠣᠳᠠᠲᠤ ᠠᠵᠢᠯᠯᠠᠭ᠎ᠠ ᠪᠠᠷ ᠢᠶᠠᠨ ᠨᠡᠭᠦᠳᠡᠯ ᠡᠯᠡᠰᠦ ᠶᠢ ᠬᠦᠯᠢᠶᠡᠰᠦᠯᠡᠬᠦ | ᠡᠪᠡᠰᠦᠨ ᠬᠡᠷᠡᠮ ᠢ ᠪᠣᠰᠬᠠᠵᠤ ᠪᠠᠶᠢᠭ᠎ᠠ ᠶᠠᠪᠤᠳᠠᠯ ᠪᠣᠯᠣᠨ᠎ᠠ᠂ ᠨᠡᠩ ᠴᠤ ᠤᠶᠤᠨ ᠤᠬᠠᠭᠠᠨ ᠢᠶᠠᠷ ᠢᠶᠠᠨ ᠡᠯᠡᠰᠦ ᠮᠠᠩᠬ᠎ᠠ ᠶᠢ ᠨᠣᠭᠤᠭᠠᠨ ᠪᠦᠷᠢᠳᠦ ᠪᠤᠯᠭᠠᠬᠤ ᠬᠠᠶᠢᠨ | ᠰᠦᠪᠡᠭᠴᠢᠯᠡᠯᠲᠡ ᠪᠣᠯᠣᠨ᠎ᠠ᠃ | ᠵᠠᠮ ᠢᠶᠠᠷ ᠢᠶᠠᠨ ᠤᠷᠤᠭᠰᠢᠯᠠᠳᠠᠭ ᠯᠡ ᠶᠤᠮ ᠪᠣᠯ ᠯᠠᠪ ᠬᠤᠯᠠ ᠶᠠᠪᠤᠵᠤ ᠴᠢᠳᠠᠨ᠎ᠠ᠃ ᠥᠪᠥᠷ ᠮᠣᠩᠭᠤᠯ ᠤᠮᠠᠷᠠᠲᠤ ᠶᠢᠨ ᠭᠤᠷᠪᠠᠨ ᠣᠷᠣᠨ ᠢ ᠬᠥᠨᠳᠡᠯᠡᠨ | ᠰᠦᠨᠳᠠᠯᠡᠵᠦ᠂ ᠵᠡᠭᠦᠨ ᠳᠤᠮᠳᠠ ᠪᠠᠷᠠᠭᠤᠨ ᠣᠷᠣᠨ ᠤ ᠬᠤᠭᠤᠷᠤᠨᠳᠤᠭᠢ ᠪᠠᠶᠢᠭᠠᠯᠢ ᠶᠢᠨ ᠣᠷᠴᠢᠨ ᠲᠣᠭᠤᠷᠢᠨ᠂ ᠭᠠᠵᠠᠷ ᠵᠦᠢ ᠶᠢᠨ ᠪᠠᠶᠢᠷᠢᠯᠠᠯ ᠪᠠ ᠨᠥᠬᠦᠴᠡᠯ ᠤᠨ | ᠵᠥᠷᠢᠶ᠎ᠡ ᠨᠡᠯᠢᠶᠡᠳ ᠶᠡᠭᠡ ᠪᠠᠶᠢᠵᠤ᠂ ᠠᠭᠤᠷ ᠠᠮᠢᠰᠬᠤᠯ᠂ ᠬᠥᠷᠥᠰᠥ ᠰᠢᠷᠣᠢ᠂ ᠭᠠᠵᠠᠷ ᠳᠣᠣᠷᠠᠬᠢ ᠤᠰᠤ᠂ ᠤᠷᠭᠤᠮᠠᠯ ᠤᠨ ᠬᠤᠴᠢᠯᠭ᠎ᠠ ᠵᠡᠷᠭᠡ ᠨᠢ ᠴᠦ ᠲᠣᠰ | ᠲᠣᠰ ᠲᠠᠭᠠᠨ ᠠᠳᠠᠯᠢ ᠦᠭᠡᠢ ᠪᠠᠶᠢᠳᠠᠭ᠂ ᠡᠨᠡ ᠨᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠨᠢᠭᠡ ᠯᠡ ᠠᠳᠠᠯᠢ ᠪᠠᠶᠢᠵᠤ ᠪᠤᠯᠬᠤ ᠦᠭᠡᠢ᠂ ᠨᠠᠩ ᠴᠤ | ︽ᠨᠢᠭᠡ ᠯᠡ ᠵᠦᠢᠯ ᠤᠨ ᠰᠢᠨ᠎ᠡ ᠠᠷᠭ᠎ᠠ ᠶᠢ ᠲᠡᠷᠡ ᠪᠦᠭᠦᠨ ᠳᠤ ᠬᠡᠷᠡᠭᠯᠡᠵᠦ︾ ᠪᠤᠯᠬᠤ ᠦᠭᠡᠢ ᠭᠡᠳᠡᠭ ᠢ ᠲᠣᠭᠲᠠᠭᠠᠭᠰᠠᠨ ᠶᠤᠮ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠭᠡ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠲᠡᠮᠡᠴᠡᠨ ᠣᠯᠬᠤ ᠳᠤ᠂ ᠠᠭᠤᠯᠠ ᠤᠰᠤ ᠤᠢ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠱᠠᠭᠠᠷᠳᠠᠯᠭ᠎ᠠ ᠶᠣᠰᠣᠭᠠᠷ᠂ ᠡᠯ᠎ᠡ | ᠭᠠᠵᠠᠷ ᠤᠨ ᠭᠤᠣᠯᠳᠠᠯᠭ᠎ᠠ᠂ ᠬᠦᠴᠢᠷ ᠠᠰᠠᠭᠤᠳᠠᠯ᠂ ᠬᠤᠷᠢᠭ᠎ᠠ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠭᠠᠮᠰᠢᠭ ᠠᠴᠠ ᠪᠣᠯᠵᠤ ᠰᠡᠷᠭᠡᠶᠢᠯᠡᠯᠲᠡ ᠬᠢᠵᠦ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠳᠦᠷᠦ ᠶᠢᠨ | ᠪᠣᠳᠣᠯᠭ᠎ᠠ ᠶᠢ ᠬᠡᠷᠡᠭᠵᠢᠭᠦᠯᠵᠦ᠂ ︽ᠬᠥᠪᠴᠢ ᠶᠢᠨ ᠵᠠᠭᠪᠤᠷ︾᠂ ︽ᠳ᠋ᠧᠩᠺᠸᠦ ᠶᠢᠨ ᠵᠠᠭᠪᠤᠷ︾᠂ ︽ᠭᠤᠷᠪᠠᠨ ᠡᠰᠢᠲᠦ ᠭᠡᠯᠪᠡᠷᠢ ᠪᠠᠷ ᠡᠯᠡᠰᠦ ᠶᠢ ᠵᠠᠰᠠᠬᠤ︾ ᠵᠡᠷᠭᠡ | ᠵᠠᠭᠪᠤᠷ ᠢ ᠢᠯᠡᠭᠦᠬᠡᠨ ᠰᠦᠪᠡᠭᠴᠢᠯᠡᠵᠦ᠂ ᠡᠯᠡᠰᠦ ᠶᠢ ᠵᠠᠰᠠᠬᠤ ︽ᠡᠮ ᠤᠨ ᠵᠣᠷ︾ ᠢ ᠤᠯᠠᠮ ᠠᠴᠠ ᠤᠯᠠᠮ ᠰᠢᠨᠵᠢᠯᠡᠬᠦ ᠤᠬᠠᠭᠠᠨᠴᠢ ᠤᠯᠠᠨ ᠶᠠᠩᠵᠤ ᠶᠢᠨ ᠪᠣᠯᠭᠠᠪᠠᠯ | ᠡᠯᠡᠰᠦ ᠶᠢ ᠵᠠᠰᠠᠬᠤ ᠦᠷ᠎ᠡ ᠪᠦᠲᠦᠮᠵᠢ ᠰᠠᠶ᠋ᠢ ᠤᠯᠠᠮ ᠠᠴᠠ ᠤᠯᠠᠮ ᠢᠯᠡ ᠲᠣᠪᠤᠶᠢᠮ᠎ᠠ ᠪᠣᠯᠣᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠨᠢ ᠤᠳᠤ | ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠵᠢᠯ ᠠᠰᠢᠭ ᠭᠦᠷᠲᠡᠭᠦ ᠶᠠᠪᠤᠳᠠᠯ ᠪᠠᠶᠢᠵᠤ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠬᠤ ᠬᠡᠷᠡᠭᠲᠡᠢ ᠪᠥᠭᠡᠳ ᠨᠡᠩ ᠴᠤ | ᠠᠷᠭ᠎ᠠ ᠳᠡᠮᠲᠡᠢ ᠠᠵᠢᠯᠯᠠᠬᠤ ᠬᠡᠷᠡᠭᠲᠡᠢ ᠶᠤᠮ᠃ ᠣᠳᠣᠬᠠᠨ ᠳᠤ ᠪᠦᠭᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠭᠡ ᠳᠠᠶᠢᠯᠠᠯᠳᠤᠭᠠᠨ ᠤ | ᠳᠠᠭᠠᠷᠢᠯᠲᠠ ᠶᠢᠨ ᠪᠦᠷᠢᠶ᠎ᠡ ᠬᠠᠩᠭᠢᠨᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠦᠷ᠎ᠡ ᠠᠰᠢᠭ ᠢ ᠳᠡᠭᠡᠭᠰᠢᠯᠡᠭᠦᠯᠭᠦ᠂ ᠦᠷ᠎ᠡ ᠠᠰᠢᠭ ᠢ | ᠨᠡᠮᠡᠭᠳᠡᠭᠦᠯᠬᠦ ᠶᠢ ᠲᠤᠯᠭᠠᠮ ᠱᠠᠭᠠᠷᠳᠠᠵᠤ᠂ ︽ᠤᠷᠠᠨ ᠬᠠᠪᠤᠯᠢᠭ︾ ᠠᠷᠭ᠎ᠠ ᠵᠠᠮ ᠢᠶᠠᠷ ᠶᠡᠭᠡ ᠦᠢᠯᠡᠰ ᠪᠦᠲᠦᠭᠡᠬᠦ ᠬᠡᠷᠡᠭᠲᠡᠢ᠃ ᠪᠣᠬᠢᠷᠳᠤᠯ ᠦᠭᠡᠢ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠵᠦᠢ ᠵᠣᠬᠢᠰᠲᠠᠢ ᠠᠰᠢᠭᠯᠠᠬᠤ ᠶᠢ | ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠪᠣᠭᠤᠮᠲᠠ ᠰᠢᠪᠲᠤᠯᠬᠤ ᠶᠢ ᠦᠷᠭᠦᠯᠵᠢᠯᠡᠨ ᠥᠷᠨᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠨᠡᠩ | ᠤᠯᠠᠨ ︽ᠥᠪᠥᠷ ᠮᠣᠩᠭᠤᠯ ᠤᠨ ᠤᠶᠤᠨ ᠤᠬᠠᠭᠠᠨ︾ ᠪᠠ ︽ᠥᠪᠥᠷ ᠮᠣᠩᠭᠤᠯ ᠤᠨ ᠬᠦᠴᠦᠨ ᠴᠢᠳᠠᠯ︾ ᠢ ᠨᠡᠮᠡᠷᠢᠯᠡᠬᠦ ᠬᠡᠷᠡᠭᠲᠡᠢ᠃ | ᠬᠠᠪᠤᠷ ᠤᠨ ᠤᠷᠢᠬᠠᠨ ᠰᠠᠯᠬᠢᠨ᠎ᠠ ᠨᠣᠭᠤᠭᠠᠨ ᠠᠮᠢᠵᠢᠷᠠᠯ ᠪᠢᠯᠬᠠᠵᠤ᠂ ᠬᠡᠩᠭᠡᠷᠭᠡ ᠳᠡᠯᠡᠳᠴᠦ ᠲᠠᠭᠢᠨ ᠮᠣᠷᠳᠠᠨ᠎ᠠ᠃ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠪᠢᠳᠡ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠨᠢᠨ ᠳᠡᠭᠡᠷ᠎ᠡ ᠨᠢ ᠵᠠᠰᠠᠵᠤ᠂ ᠪᠦᠭᠦ | ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠴᠤᠴᠠᠯᠲᠠ ᠦᠭᠡᠢ ᠴᠢᠷᠮᠠᠶᠢᠨ ᠲᠡᠮᠡᠴᠡᠵᠦ᠂ ᠦᠷᠭᠦᠯᠵᠢᠯᠡᠨ ᠵᠣᠭᠰᠣᠰᠢ ᠦᠭᠡᠢ ᠲᠡᠮᠡᠴᠡᠵᠦ᠂ ᠪᠣᠳᠠᠲᠠᠢ ᠠᠵᠢᠯᠯᠠᠬᠤ | ᠮᠥᠷᠲᠡᠭᠡᠨ ᠠᠷᠭ᠎ᠠ ᠳᠡᠮᠲᠡᠢ ᠠᠵᠢᠯᠯᠠᠳᠠᠭ ᠯᠠ ᠶᠤᠮ ᠪᠣᠯ ᠯᠠᠪᠳᠠᠶ᠎ᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠭᠡ ᠳᠠᠶᠢᠯᠠᠯᠳᠤᠭᠠᠨ ᠤ ᠢᠯᠠᠯᠲᠠ ᠶᠢ | ᠲᠡᠮᠡᠴᠡᠨ ᠣᠯᠵᠤ ᠴᠢᠳᠠᠬᠤ ᠶᠤᠮ᠃ | |