ᠣᠳᠣᠬᠠᠨ ᠳᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠠᠢ ᠤᠶᠠᠯᠳᠤᠭᠤᠯᠤᠨ ᠥᠷᠨᠢᠭᠦᠯᠦᠭᠰᠡᠨ ᠪᠠᠷᠠᠯᠠᠯᠲᠤ | ᠪᠠᠶᠢᠷᠢᠰᠢᠭᠤᠯᠤᠯᠲᠠ ᠡᠯ᠎ᠡ ᠭᠠᠵᠠᠷ ᠲᠤ ᠥᠷᠨᠢᠨ ᠬᠥᠭᠵᠢᠵᠦ ᠪᠠᠶᠢᠨ᠎ᠠ᠂ ᠭᠡᠪᠡᠴᠦ ᠡᠭᠦᠨ ᠤ ᠬᠠᠮᠲᠤ ᠪᠠᠰᠠ ︽ᠰᠢᠨ᠎ᠡ︾ ᠶᠢ ᠯᠠ ᠶᠠᠷᠢᠭᠠᠳ ︽ᠬᠠᠭᠤᠴᠢᠨ︾ ᠢ | ᠠᠪᠬᠤ ᠦᠭᠡᠢ ᠪᠠᠶᠢᠬᠤ ᠦᠵᠡᠭᠳᠡᠯ ᠢᠯᠡᠷᠡᠵᠦ ᠪᠠᠶᠢᠨ᠎ᠠ᠃ ᠡᠯ᠎ᠡ ᠭᠠᠵᠠᠷ ᠤᠨ ᠬᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ | ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠬᠤ ᠶᠢᠨ ᠬᠠᠮᠲᠤ᠂ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ ᠪᠤᠯᠬᠤ ᠦᠭᠡᠢ᠂ ᠲᠠᠶᠠᠭᠳᠠᠵᠤ | ᠪᠤᠯᠬᠤ ᠦᠭᠡᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ︽ᠰᠢᠨ᠎ᠡ ᠶᠢ | ᠬᠥᠭᠡᠭᠡᠴᠡᠯᠳᠦᠬᠦ︾ ᠪᠠᠷ ᠪᠠᠷᠠᠬᠤ ᠦᠭᠡᠢ ᠪᠠᠰᠠ ︽ᠬᠠᠭᠤᠴᠢᠨ ᠢᠶᠠᠨ ᠲᠠᠶᠠᠭᠳᠠᠵᠤ︾ ᠪᠤᠯᠬᠤ ᠦᠭᠡᠢ᠃ | ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠮᠠᠰᠢᠨ ᠮᠧᠬᠠᠨᠢᠭ᠂ ᠨᠡᠬᠡᠮᠡᠯ ᠬᠤᠪᠴᠠᠰᠤ ᠬᠤᠨᠠᠷ | ᠵᠡᠷᠭᠡ ᠶᠢ ᠪᠠᠭᠲᠠᠭᠠᠭᠰᠠᠨ ᠤᠯᠠᠮᠵᠢᠯᠠᠯᠲᠤ ᠠᠵᠤ ᠦᠢᠯᠡᠰ ᠤᠨ ᠮᠠᠨ ᠤ ᠤᠯᠤᠰ ᠤᠨ ᠦᠢᠯᠡᠳᠬᠦ ᠦᠢᠯᠡᠰ ᠲᠠᠬᠢ ᠡᠵᠡᠯᠡᠬᠦ ᠬᠠᠷᠢᠴᠠᠯ ᠨᠢ 80% ᠶᠢ ᠳᠠᠪᠠᠵᠤ᠂ ᠮᠠᠨ ᠤ | ᠤᠯᠤᠰ ᠤᠨ ᠠᠵᠤ ᠠᠬᠤᠢ ᠶᠢᠨ ︽ᠰᠠᠭᠤᠷᠢ ᠴᠢᠯᠠᠭᠤ︾ ᠪᠣᠯᠵᠠᠢ᠃ ᠡᠳᠡᠭᠡᠷ ᠠᠵᠢᠯ ᠲᠦᠷᠦᠯ ᠤᠨ ᠳᠠᠶᠢᠴᠢᠯᠠᠬᠤ ᠦᠢᠯᠡᠳᠦᠯ ᠨᠢ ᠴᠢᠩᠭ᠎ᠠ᠂ ᠠᠵᠤ ᠦᠢᠯᠡᠰ ᠤᠨ | ᠬᠤᠯᠪᠣᠭᠳᠠᠬᠤ ᠬᠡᠮᠵᠢᠶ᠎ᠡ ᠨᠢ ᠶᠡᠭᠡ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠨᠢ ᠥᠨᠳᠥᠷ ᠪᠠᠶᠢᠳᠠᠭ᠂ ᠡᠨᠡ ᠪᠣᠯ ᠮᠠᠨ ᠤ ᠤᠯᠤᠰ ᠤᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠰᠠᠭᠤᠷᠢ ᠮᠥᠨ᠂ ᠮᠥᠨ ᠴᠤ ᠮᠠᠨ ᠤ ᠤᠯᠤᠰ ᠤᠨ ᠳᠡᠯᠡᠬᠡᠢ ᠶᠢᠨ ᠨᠢᠭᠡᠳᠦᠭᠡᠷ ᠦᠢᠯᠡᠳᠬᠦ ᠦᠢᠯᠡᠰ ᠤᠨ ᠲᠣᠮᠣ | ᠤᠯᠤᠰ ᠤᠨ ᠪᠠᠶᠢᠷᠢ ᠰᠠᠭᠤᠷᠢ ᠪᠠᠨ ᠪᠠᠲᠤᠯᠠᠬᠤ ᠦᠨᠳᠦᠰᠦᠨ ᠬᠦᠴᠦᠨ ᠵᠦᠢᠯ ᠮᠥᠨ᠃ | ︽ᠤᠯᠠᠮᠵᠢᠯᠠᠯᠲᠤ︾ ᠭᠡᠳᠡᠭ ᠨᠢ ︽ᠳᠣᠣᠷ᠎ᠠ ᠲᠦᠪᠰᠢᠨ︾ ᠪᠣᠯᠣᠨ᠎ᠠ ᠭᠡᠰᠡᠨ ᠦᠭᠡ ᠪᠢᠰᠢ᠂ ᠤᠯᠠᠮᠵᠢᠯᠠᠯᠲᠤ ᠠᠵᠤ ᠦᠢᠯᠡᠰ ᠨᠢ ᠬᠤᠴᠤᠷᠤᠩᠭᠤᠢ | ᠦᠢᠯᠡᠳᠪᠦᠷᠢᠯᠡᠯ ᠤᠨ ᠬᠦᠴᠦᠨ ᠢ ᠲᠥᠯᠥᠭᠡᠯᠡᠳᠡᠭ ᠪᠢᠰᠢ ᠶᠤᠮ᠃ ︽ᠤᠯᠠᠮᠵᠢᠯᠠᠯᠲᠤ︾ ᠪᠣᠯᠣᠨ ︽ᠰᠢᠨ᠎ᠡ ᠪᠠᠷ ᠮᠠᠨᠳᠤᠭᠰᠠᠨ︾ ᠨᠢ ᠲᠠᠰᠤᠳᠠᠨ ᠰᠠᠯᠭᠠᠭᠰᠠᠨ | ᠬᠠᠷᠢᠴᠠᠭ᠎ᠠ ᠪᠢᠰᠢ᠂ ᠤᠯᠠᠮᠵᠢᠯᠠᠯᠲᠤ ᠠᠵᠤ ᠦᠢᠯᠡᠰ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠦᠷᠢᠯᠳᠦᠭᠦᠯᠬᠦ ᠰᠠᠭᠤᠷᠢ ᠪᠣᠯᠣᠨ᠎ᠠ᠃ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ︽ᠰᠢᠨ᠎ᠡ︾ ᠨᠢ ᠮᠡᠷᠭᠡᠵᠢᠯ ᠤᠨ ᠬᠤᠪᠢᠰᠬᠠᠯᠲᠤ ᠴᠢᠨᠠᠷᠲᠠᠢ ᠰᠢᠪᠲᠤᠯᠤᠯᠲᠠ᠂ ᠦᠢᠯᠡᠳᠪᠦᠷᠢᠯᠡᠯ ᠤᠨ ᠡᠯᠧᠮᠧᠨ᠋ᠲ ᠤᠨ | ᠰᠢᠨ᠎ᠡ ᠶᠢ ᠡᠭᠦᠳᠬᠦ ᠴᠢᠨᠠᠷᠲᠠᠢ ᠲᠣᠬᠢᠷᠠᠭᠤᠯᠤᠯᠲᠠ᠂ ᠠᠵᠤ ᠦᠢᠯᠡᠰ ᠤᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠳᠤ ᠪᠠᠶᠢᠨ᠎ᠠ᠂ ᠭᠤᠣᠯ ᠨᠢ ᠪᠦᠭᠦ | ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢᠨ ᠳᠡᠭᠡᠭᠰᠢᠯᠡᠯᠲᠡ ᠪᠣᠯᠣᠨ᠎ᠠ᠂ ᠦᠵᠡᠬᠦ ᠳᠤ ︽ᠬᠠᠭᠤᠴᠢᠨ︾ ᠪᠣᠯᠤᠭᠰᠠᠨ ᠤᠯᠠᠮᠵᠢᠯᠠᠯᠲᠤ ᠠᠵᠤ ᠦᠢᠯᠡᠰ ᠨᠢ ᠶᠠᠭ | ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢᠨ ᠴᠢᠬᠤᠯᠠ ᠲᠦᠰᠢᠭ ᠲᠤᠯᠭᠠᠭᠤᠷᠢ ᠪᠣᠯᠵᠤ ᠪᠠᠶᠢᠨ᠎ᠠ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠨᠢ ᠤᠯᠠᠮᠵᠢᠯᠠᠯᠲᠤ ᠠᠵᠤ ᠦᠢᠯᠡᠰ ᠤᠨ ᠬᠠᠩᠭᠠᠭᠰᠠᠨ ᠲᠦᠭᠦᠬᠡᠢ ᠮᠠᠲ᠋ᠧᠷᠢᠶᠠᠯ ᠪᠠ ᠰᠡᠯᠪᠢᠭ | ᠲᠤᠨᠤᠭ ᠵᠡᠷᠭᠡ ᠳᠤ ᠳᠡᠭᠡᠳᠦ ᠬᠡᠮᠵᠢᠶ᠎ᠡ ᠪᠠᠷ ᠲᠦᠰᠢᠭᠯᠡᠵᠦ ᠪᠠᠶᠢᠳᠠᠭ᠂ ᠡᠭᠦᠨ ᠤ ᠬᠠᠮᠲᠤ ᠤᠯᠠᠮᠵᠢᠯᠠᠯᠲᠤ ᠠᠵᠤ ᠦᠢᠯᠡᠰ ᠤᠨ ᠮᠤᠨᠳᠠᠭ ᠶᠡᠭᠡ ᠬᠡᠪᠴᠢᠶ᠎ᠡ ᠨᠢ ᠪᠠᠰᠠ | ᠰᠢᠨ᠎ᠡ ᠪᠠᠷ ᠮᠠᠨᠳᠤᠭᠰᠠᠨ ᠮᠡᠷᠭᠡᠵᠢᠯ ᠳᠤ ᠤᠯᠠᠨ ᠲᠠᠯᠠᠲᠤ ᠬᠡᠷᠡᠭᠯᠡᠭᠡᠨ ᠤ ᠪᠠᠶᠢᠳᠠᠯ ᠢ ᠬᠠᠩᠭᠠᠵᠤ᠂ ᠡᠭᠦᠨ ᠤ ᠤᠯᠠᠮ ᠠᠴᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠥᠭᠵᠢᠯᠲᠡ ᠳᠤ ᠬᠦᠴᠦᠷᠬᠡᠭ ᠶᠡᠭᠡ ᠵᠠᠬ᠎ᠠ ᠳᠡᠯᠭᠡᠭᠦᠷ ᠪᠠ ᠬᠥᠳᠡᠯᠭᠡᠭᠴᠢ ᠡᠨᠧᠷᠭᠢ ᠶᠢ ᠬᠠᠩᠭᠠᠵᠤ ᠪᠠᠶᠢᠳᠠᠭ ᠭᠡᠳᠡᠭ ᠢ ᠦᠢᠯᠡᠳᠦᠯᠭᠡ ᠭᠡᠷᠡᠴᠢᠯᠡᠪᠡ᠃ ᠥᠩᠭᠡᠲᠦ | ᠲᠡᠮᠦᠷᠯᠢᠭ ᠤᠨ ᠠᠵᠢᠯ ᠲᠥᠷᠥᠯ ᠢᠶᠠᠷ ᠵᠢᠱᠢᠶᠡᠯᠡᠪᠡᠯ᠂ ᠨᠢᠭᠡ ᠲᠠᠯ᠎ᠠ ᠪᠠᠷ ᠵᠡᠰ᠂ ᠬᠥᠩᠭᠡᠨᠴᠠᠭᠠᠨ᠂ ᠬᠠᠷ᠎ᠠ ᠲᠤᠭᠤᠯᠭ᠎ᠠ᠂ ᠴᠠᠶᠢᠷ ᠵᠡᠷᠭᠡ ᠥᠩᠭᠡᠲᠦ ᠲᠡᠮᠦᠷᠯᠢᠭ ᠪᠣᠯ | ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠳᠡᠭᠡᠳᠦ ᠳᠡᠰ ᠤᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠴᠢᠬᠤᠯᠠ ᠰᠠᠭᠤᠷᠢ ᠲᠦᠭᠦᠬᠡᠢ ᠮᠠᠲ᠋ᠧᠷᠢᠶᠠᠯ ᠪᠤᠯᠤᠨ᠎ᠠ ; ᠨᠥᠭᠦᠭᠡ ᠲᠠᠯ᠎ᠠ ᠪᠠᠷ᠂ ᠠᠦ᠋ᠲ᠋ᠣᠴᠢᠯᠠᠭᠰᠠᠨ | ᠦᠢᠯᠡᠳᠪᠦᠷᠢᠯᠡᠯ ᠤᠨ ᠱᠤᠭᠤᠮ᠂ ᠠᠵᠤ ᠦᠢᠯᠡᠳᠪᠦᠷᠢ ᠶᠢᠨ ᠮᠠᠰᠢᠨ ᠬᠥᠮᠥᠨ ᠪᠠ ᠪᠠᠷᠠᠭ᠎ᠠ ᠶᠢᠨ ᠰᠦᠯᠵᠢᠶ᠎ᠡ ᠵᠡᠷᠭᠡ ᠣᠶᠤᠨᠴᠢ ᠦᠢᠯᠡᠳᠬᠦ ᠮᠡᠷᠭᠡᠵᠢᠯ ᠤᠨ ᠬᠡᠷᠡᠭᠯᠡᠯᠲᠡ | ᠨᠢ ᠨᠠᠩ ᠣᠯᠠᠨ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠭᠡᠯᠪᠡᠷᠢ ᠶᠢ ᠪᠤᠶ ᠪᠤᠯᠭᠠᠵᠤ᠂ ᠥᠩᠭᠡᠲᠦ ᠲᠡᠮᠦᠷᠯᠢᠭ ᠤᠨ ᠠᠩᠬᠠᠨ ᠤ ᠮᠠᠲ᠋ᠧᠷᠢᠶᠠᠯ ᠠᠴᠠ ᠳᠡᠭᠡᠳᠦ | ᠲᠠᠰ ᠤᠨ ᠲᠤᠨᠤᠭ ᠲᠥᠬᠦᠭᠡᠷᠦᠮᠵᠢ ᠶᠢᠨ ᠬᠡᠷᠡᠭᠯᠡᠯᠲᠡ ᠬᠦᠷᠲᠡᠯᠡᠬᠢ ᠪᠦᠭᠦ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠯᠠᠭᠤᠯᠤᠯᠲᠠ ᠶᠢ ᠪᠡᠶᠡᠯᠡᠭᠦᠯᠬᠦ ᠶᠢ ᠠᠬᠢᠭᠤᠯᠵᠤ | ᠪᠠᠶᠢᠳᠠᠭ᠃ | ᠤᠯᠠᠮᠵᠢᠯᠠᠯᠲᠤ ᠠᠵᠤ ᠦᠢᠯᠡᠰ ᠨᠢ ᠬᠠᠭᠤᠴᠢᠨ ᠢᠶᠠᠨ ᠪᠠᠷᠢᠮᠲᠠᠯᠠᠵᠤ ᠬᠡᠪᠰᠢᠷᠡᠨ ᠵᠣᠭᠰᠤᠩᠭᠤᠶᠢᠷᠠᠵᠤ ᠪᠤᠯᠬᠤ ᠦᠭᠡᠢ᠂ ᠲᠡᠭᠦᠨ ᠳᠤ ᠣᠷᠣᠰᠢᠵᠤ ᠪᠠᠶᠢᠭ᠎ᠠ | ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠬᠦᠷᠦᠯᠴᠡᠬᠦ ᠦᠭᠡᠢ᠂ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ ᠵᠡᠷᠭᠡ ᠠᠰᠠᠭᠤᠳᠠᠯ ᠳᠤ ᠵᠥᠪ ᠢᠶᠠᠷ ᠬᠠᠨᠳᠤᠬᠤ | ᠬᠡᠷᠡᠭᠲᠡᠢ᠃ ᠭᠠᠭᠴᠠ ᠬᠦ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠᠷ ᠳᠠᠮᠵᠢᠪᠠᠯ ᠰᠠᠶ᠋ᠢ ᠤᠯᠠᠮᠵᠢᠯᠠᠯᠲᠤ ᠠᠵᠤ ᠦᠢᠯᠡᠰ ᠤᠨ ᠥᠷᠢᠰᠦᠯᠳᠦᠭᠡᠨ ᠤ ᠰᠢᠨ᠎ᠡ | ᠳᠠᠪᠠᠭᠤᠯᠢᠭ ᠢ ᠳᠠᠭᠢᠨ ᠪᠤᠢ ᠪᠤᠯᠭᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ ᠴᠢᠳᠠᠨ᠎ᠠ᠃ ᠳᠡᠭᠡᠳᠦ ᠲᠡᠰᠵᠢᠯᠳᠡ᠂ | ᠣᠶᠤᠨᠴᠢᠯᠠᠯᠲᠠ᠂ ᠪᠣᠬᠢᠷᠳᠤᠯ ᠦᠭᠡᠶᠢᠵᠢᠯᠳᠡ ᠳᠡᠭᠡᠷ᠎ᠡ ᠬᠦᠴᠦ ᠲᠠᠯᠪᠢᠵᠤ᠂ ᠳᠠᠪᠠᠭᠤᠯᠢᠭ ᠬᠦᠷᠢᠶᠡᠨ ᠳᠤ ᠳᠠᠪᠠᠭᠤᠯᠢᠭ ᠢᠶᠠᠨ ᠪᠠᠳᠠᠷᠠᠭᠤᠯᠵᠤ᠂ ᠪᠠᠭᠤᠷᠠᠢ | ᠭᠤᠭᠴᠤᠭ᠎ᠠ ᠳᠤ ᠳᠤᠲᠠᠭᠤᠳᠠᠯ ᠢᠶᠠᠨ ᠨᠥᠬᠦᠪᠦᠷᠢᠯᠡᠪᠡᠯ᠂ ᠤᠯᠠᠮᠵᠢᠯᠠᠯᠲᠤ ᠠᠵᠤ ᠦᠢᠯᠡᠰ ᠨᠢ ᠰᠢᠨ᠎ᠡ ᠳᠦᠷᠰᠦ ᠪᠠᠶᠢᠳᠠᠯ ᠲᠠᠢ ᠪᠤᠯᠬᠤ ᠨᠢ ᠳᠠᠮᠵᠢᠭ ᠦᠭᠡᠢ᠃ | |