ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ ︽︿ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ﹀ ᠢ ᠰᠡᠷᠭᠡᠶᠢᠯᠡᠨ ᠵᠠᠰᠠᠬᠤ | ᠲᠤᠬᠠᠢ ᠰᠠᠨᠠᠯ ᠤᠳ︾ ᠤᠨ ᠱᠠᠭᠠᠷᠳᠠᠯᠭ᠎ᠠ ᠶᠣᠰᠣᠭᠠᠷ᠂ ︽ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ ︿ᠬᠤᠷᠤᠭᠤᠨ ᠦᠵᠦᠭᠦᠷ ᠲᠠᠬᠢ | ᠬᠡᠯᠪᠡᠷᠢᠴᠢ ᠦᠵᠡᠯ﹀ ᠢ ᠰᠡᠷᠭᠡᠶᠢᠯᠡᠨ ᠵᠠᠰᠠᠬᠤ ᠰᠠᠨᠠᠯ ᠤᠳ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠵᠢᠯ ᠤᠨ ᠲᠥᠰᠥᠯ︾ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠡᠯᠪᠡᠷᠢᠴᠢ ᠦᠵᠡᠯ ᠤᠨ ᠲᠣᠭᠠᠴᠢᠯᠠᠭᠰᠠᠨ ᠠᠬᠤᠢ ᠪᠠᠶᠢᠳᠠᠯ ᠳᠣᠣᠷ᠎ᠠ ᠣᠨᠳᠣᠣᠰᠢᠨ | ᠰᠢᠨᠡᠳᠬᠦ ᠠᠰᠠᠭᠤᠳᠠᠯ ᠢ ᠰᠡᠷᠭᠡᠶᠢᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠦᠩᠭᠡᠷᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ︽ᠬᠤᠷᠤᠭᠤᠨ ᠦᠵᠦᠭᠦᠷ ᠲᠠᠬᠢ ᠬᠡᠯᠪᠡᠷᠢᠴᠢ | ᠦᠵᠡᠯ︾ ᠤᠨ ᠲᠤᠰᠬᠠᠢ ᠢᠯᠡᠴᠢᠯᠡᠨ ᠮᠡᠳᠡᠭᠦᠯᠬᠦ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ᠂ ᠵᠠᠰᠠᠭ ᠤᠨ | ᠶᠠᠪᠤᠳᠠᠯ ᠤᠨ ᠣᠯᠠᠨ ᠨᠡᠶᠢᠲᠡ ᠶᠢᠨ ᠲᠠᠩᠰᠠᠨ ᠳ᠋ᠤᠭᠠᠷ ᠪᠠ ᠠᠵᠢᠯ ᠤᠨ ᠴᠤᠭᠯᠠᠷᠠᠯ ᠤᠨ ᠪᠠᠶᠢᠭᠤᠯᠤᠯᠲᠠ᠂ ᠬᠡᠷᠡᠭᠯᠡᠯᠲᠡ ᠪᠠ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠵᠤ᠂ ᠠᠯᠪᠠᠳᠠᠯᠭ᠎ᠠ ᠪᠠᠷ ᠪᠠᠭᠤᠯᠭᠠᠵᠤ ᠠᠪᠬᠤ᠂ ᠺᠠᠷᠲ ᠢᠶᠠᠷ ᠭᠠᠷ ᠤᠨ ᠥᠰᠥᠭ ᠵᠢᠷᠤᠬᠤ᠂ ᠬᠤᠪᠢ ᠬᠤᠷᠠᠮᠳᠤᠭᠤᠯᠤᠨ ᠵᠢᠭᠰᠠᠭᠠᠬᠤ᠂ ᠰᠦᠯᠵᠢᠶᠡᠨ | ᠳᠡᠭᠡᠷᠡᠬᠢ ᠴᠠᠭ ᠤᠨ ᠪᠦᠷᠢᠳᠬᠡᠯᠳᠡ ᠬᠢᠬᠦ ᠵᠡᠷᠭᠡ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠤᠨ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ | | ᠨᠢᠭᠡ᠂ ᠭᠥᠯᠢᠶᠡᠨ ᠠᠪᠴᠤ ᠭᠦᠢᠴᠡᠳᠬᠡᠬᠦ ᠬᠡᠪᠴᠢᠶ᠎ᠡ | ᠬᠥᠯᠥᠨ ᠪᠤᠶᠢᠷ ᠬᠤᠲᠠ ᠶᠢᠨ ᠬᠠᠷᠢᠶ᠎ᠠ ᠪᠦᠬᠦᠢ ᠭᠠᠵᠠᠷ ᠤᠨ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ᠂ ᠵᠠᠰᠠᠭ ᠤᠨ ᠶᠠᠪᠤᠳᠠᠯ ᠤᠨ ᠣᠯᠠᠨ | ᠨᠡᠶᠢᠲᠡ ᠶᠢᠨ ᠲᠠᠩᠰᠠᠨ ᠳ᠋ᠤᠭᠠᠷ ᠪᠠ ᠠᠵᠢᠯ ᠤᠨ ᠴᠤᠭᠯᠠᠷᠠᠯ ᠤᠨ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠤᠨ ᠬᠠᠮᠢᠶ᠎ᠠ ᠪᠦᠬᠦᠢ ᠠᠰᠠᠭᠤᠳᠠᠯ ᠤᠳ | ᠬᠤᠯᠪᠣᠭᠳᠠᠨ᠎ᠠ᠃ | ᠬᠤᠶᠠᠷ᠂ ᠭᠥᠯᠢᠶᠡᠨ ᠠᠪᠴᠤ ᠭᠦᠢᠴᠡᠳᠬᠡᠬᠦ ᠠᠭᠤᠯᠭ᠎ᠠ | 1. ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ ᠢ ᠠᠯᠪᠠᠳᠠᠯᠭ᠎ᠠ ᠪᠠᠷ ᠪᠠᠭᠤᠯᠭᠠᠨ ᠠᠪᠬᠤ ᠶᠢ ᠳᠡᠯᠭᠡᠷᠡᠭᠦᠯᠵᠦ᠂ ᠬᠡᠷᠡᠭᠯᠡᠭᠴᠢ ᠶᠢᠨ ᠤᠭᠰᠠᠷᠠᠨ ᠬᠡᠷᠡᠭᠯᠡᠬᠦ | ᠨᠣᠷᠮ᠎ᠠ ᠶᠢ ᠬᠢᠵᠠᠭᠠᠷᠯᠠᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠭᠠᠷᠬᠤ ᠶᠢ ᠠᠯᠪᠠᠳᠠᠯᠭ᠎ᠠ ᠪᠠᠷ ᠱᠠᠭᠠᠷᠳᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃ | | 2. ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠲᠠᠩᠰᠠᠨ ᠳ᠋ᠤᠭᠠᠷ ᠢ ᠳᠡᠯᠭᠡᠷᠡᠭᠦᠯᠦᠨ ᠬᠡᠷᠡᠭᠯᠡᠬᠦ ᠳᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠠᠴᠠ ᠡᠭᠦᠰᠬᠦ | ᠦᠭᠡᠢ ᠪᠠᠷ ᠠᠯᠪᠠᠳᠠᠯᠭ᠎ᠠ ᠶᠢᠨ ᠴᠢᠨᠠᠷᠲᠠᠢ ᠱᠠᠭᠠᠷᠳᠠᠯᠭ᠎ᠠ ᠭᠠᠷᠭᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃ | 3. ᠠᠵᠢᠯ ᠤᠨ ᠴᠤᠭᠯᠠᠷᠠᠯ ᠳᠤᠳᠤᠷ᠎ᠠ ᠠᠵᠢᠯ ᠤᠨ ᠪᠣᠳᠠᠲᠤ ᠪᠠᠶᠢᠳᠠᠯ ᠠᠴᠠ ᠪᠠᠨ ᠰᠠᠯᠵᠤ ᠠᠯᠪᠠᠳᠠᠯᠭ᠎ᠠ ᠪᠠᠷ ᠺᠠᠷᠲ ᠢᠶᠠᠷ ᠬᠤᠯᠪᠣᠭ᠎ᠠ ᠠᠪᠬᠤ᠂ ᠴᠠᠭ | ᠲᠤᠬᠠᠢ ᠳᠤᠨᠢ ᠳᠠᠭᠠᠬᠤ ᠶᠢ ᠱᠠᠭᠠᠷᠳᠠᠬᠤ᠂ ᠳᠤᠷ᠎ᠠ ᠪᠠᠷ ᠢᠶᠠᠨ ᠡᠭᠦᠷᠭᠡ ᠲᠡᠰᠬᠡᠨ ᠨᠣᠭᠳᠠᠭᠤᠯᠬᠤ᠂ ᠮᠠᠲ᠋ᠧᠷᠢᠶᠠᠯ ᠠᠪᠬᠤ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃ | | 4. ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ ᠢ ᠡᠳᠦᠷ ᠲᠤᠲᠤᠮ ᠤᠨ ᠠᠵᠢᠯ ᠤᠨ ᠬᠢᠨᠠᠨ ᠰᠢᠯᠭᠠᠯᠲᠠ ᠪᠣᠯᠭᠠᠬᠤ᠂ ᠰᠦᠯᠵᠢᠶᠡᠨ ᠳᠡᠭᠡᠷ᠎ᠡ ᠬᠢᠨᠠᠨ | ᠵᠢᠯᠤᠭᠤᠳᠴᠤ ᠪᠠᠶᠢᠴᠠᠭᠠᠬᠤ ᠠᠴᠢᠶᠠᠯᠠᠭᠴᠢ ᠪᠤᠯᠭᠠᠵᠤ᠂ ᠳᠦᠬᠦᠮᠬᠡᠨ ᠠᠵᠢᠯ ᠤᠨ ᠣᠷᠣᠮ ᠠᠪᠬᠤ ᠪᠠᠷ ᠪᠣᠳᠠᠲᠠᠢ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠶᠢ | ᠣᠷᠣᠯᠠᠭᠤᠯᠬᠤ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃ | 5. ᠳᠣᠣᠷᠠᠳᠤ ᠱᠠᠲᠤ ᠪᠠ ᠦᠨᠳᠦᠰᠦᠨ ᠱᠠᠲᠤᠨ ᠤ ᠨᠢᠭᠡᠴᠢ ᠶᠢ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ᠂ ᠠᠵᠢᠯ ᠤᠨ ᠴᠤᠭᠯᠠᠷᠠᠯ ᠢᠶᠠᠷ | ᠳᠠᠮᠵᠢᠭᠤᠯᠤᠨ ᠴᠢᠬᠤᠯᠠ ᠪᠤᠰᠤ ᠵᠢᠷᠤᠭ ᠪᠤᠶᠤ ᠸᠢᠳᠢᠤ᠋ ᠳᠠᠮᠵᠢᠭᠤᠯᠬᠤ ᠶᠢ ᠳᠤᠷ᠎ᠠ ᠪᠠᠷ ᠢᠶᠠᠨ ᠱᠠᠭᠠᠷᠳᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃ | 6. ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ᠂ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠲᠠᠩᠰᠠᠨ ᠳ᠋ᠤᠭᠠᠷ ᠤᠨ ᠠᠩᠬᠠᠷᠤᠯ ᠤᠨ ᠴᠡᠭ ᠤᠨ | ᠮᠠᠭᠲᠠᠭᠠᠯ᠂ ᠰᠢᠭᠦᠮᠵᠢ ᠦᠯᠡᠳᠡᠬᠡᠬᠦ ᠪᠠ ᠤᠯᠠᠮᠵᠢᠯᠠᠨ ᠲᠠᠷᠬᠠᠭᠠᠬᠤ ᠴᠢᠳᠠᠮᠵᠢ ᠶᠢ ᠳᠤᠷ᠎ᠠ ᠪᠠᠷ ᠢᠶᠠᠨ ᠬᠡᠷᠡᠭᠯᠡᠵᠦ᠂ ᠬᠢᠨᠠᠨ ᠰᠢᠯᠭᠠᠵᠤ ᠦᠨᠡᠯᠡᠬᠦ᠂ ᠠᠳᠠᠯᠢᠳᠬᠠᠨ | ᠰᠢᠯᠭᠠᠷᠠᠭᠤᠯᠬᠤ ᠦᠨᠳᠦᠰᠦᠯᠡᠯ ᠪᠣᠯᠭᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠃ | 7. ᠬᠤᠷᠠᠮᠳᠤᠯ ᠬᠤᠪᠢ ᠶᠢᠨ ᠨᠡᠷᠡᠰ ᠤᠨ ᠵᠢᠭᠰᠠᠭᠠᠯᠲᠠ᠂ ᠰᠦᠯᠵᠢᠶᠡᠨ ᠳᠤ ᠭᠠᠷᠬᠤ ᠴᠠᠭ ᠤᠨ ᠣᠷᠳᠣ ᠶᠢ ᠲᠤᠬᠢᠷᠠᠭᠤᠯᠤᠭᠰᠠᠨ ᠵᠠᠰᠠᠭ ᠤᠨ ᠶᠠᠪᠤᠳᠠᠯ ᠤᠨ | ᠬᠡᠷᠡᠭᠯᠡᠭᠡᠨ ᠤ ᠫᠷᠣᠭ᠍ᠷᠠᠮ ᠢᠶᠠᠷ ᠳᠣᠲᠣᠭᠠᠳᠤ ᠳᠠᠭᠠᠨ ᠡᠵᠡᠮᠰᠢᠪᠡᠰᠦ ᠵᠣᠬᠢᠬᠤ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠨᠡᠷᠡᠰ ᠤᠨ ᠵᠢᠭᠰᠠᠭᠠᠯᠲᠠ ᠪᠠ ᠰᠢᠯᠭᠠᠨ ᠦᠨᠡᠯᠡᠬᠦ | ᠵᠡᠷᠭᠡ ᠪᠠᠶᠢᠳᠠᠯ ᠢ ᠮᠡᠳᠡᠭᠳᠡᠬᠦ ᠳᠤ ᠬᠡᠷᠡᠭᠯᠡᠭᠰᠡᠨ ᠡᠰᠡᠬᠦ᠃ | 8. ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠳᠤ ᠬᠤᠯᠪᠤᠭᠳᠠᠬᠤ ᠪᠤᠰᠤᠳ ᠠᠰᠠᠭᠤᠳᠠᠯ ᠤᠳ᠃ | ᠭᠤᠷᠪᠠ᠂ ᠭᠡᠷᠡᠴᠢ ᠳᠤᠷᠠᠳᠬᠤ ᠱᠠᠭᠠᠷᠳᠠᠯᠭ᠎ᠠ | 1. ᠪᠠᠭᠤᠯᠭᠠᠨ ᠠᠪᠤᠭᠰᠠᠨ ᠵᠢᠷᠤᠭ ᠵᠡᠷᠭᠡ ᠬᠠᠮᠢᠶ᠎ᠠ ᠪᠦᠬᠦᠢ ᠢᠯᠡᠴᠢᠯᠡᠨ ᠮᠡᠳᠡᠭᠦᠯᠬᠦ ᠮᠠᠲ᠋ᠧᠷᠢᠶᠠᠯ ᠤᠳ ᠢᠶᠠᠨ ᠬᠠᠩᠭᠠᠨ᠎ᠠ᠃ ᠠᠳᠠᠯᠢ ᠨᠢᠭᠡᠨ ᠤᠴᠢᠷ | ᠶᠠᠪᠤᠳᠠᠯ ᠢ ᠳᠠᠬᠢᠨ ᠳᠠᠪᠲᠠᠨ ᠢᠯᠡᠴᠢᠯᠡᠨ ᠮᠡᠳᠡᠭᠦᠯᠵᠦ ᠪᠣᠯᠬᠤ ᠦᠭᠡᠢ᠃ | 2. ᠢᠯᠡᠴᠢᠯᠡᠨ ᠮᠡᠳᠡᠭᠦᠯᠬᠦ ᠪᠡᠶᠡᠴᠢ ᠴᠣᠭᠴᠠ ᠨᠢ ᠢᠯᠡᠴᠢᠯᠡᠨ ᠮᠡᠳᠡᠭᠦᠯᠦᠭᠰᠡᠨ ᠵᠦᠢᠯᠡᠰ ᠤᠨ ᠪᠤᠰᠤᠳᠴᠢ ᠴᠢᠨᠠᠷ᠂ ᠦᠨᠡᠨ ᠪᠣᠳᠠᠲᠤ ᠴᠢᠨᠠᠷ ᠲᠤ | ᠬᠠᠷᠢᠭᠤᠴᠠᠬᠤ ᠬᠡᠷᠡᠭᠲᠡᠢ᠂ ᠪᠣᠳᠠᠲᠤ ᠬᠡᠷᠡᠭ ᠢ ᠬᠤᠳᠠᠯ ᠢᠶᠠᠷ ᠵᠣᠬᠢᠶᠠᠵᠤ᠂ ᠪᠡᠶ᠎ᠡ ᠭᠠᠷᠤᠯ ᠪᠠ ᠭᠡᠷᠡᠴᠢᠯᠡᠬᠦ ᠪᠠᠷᠢᠮᠲᠠ ᠶᠢ ᠬᠠᠭᠤᠷᠮᠠᠭᠯᠠᠨ ᠵᠣᠬᠢᠶᠠᠵᠤ ᠪᠣᠯᠬᠤ ᠦᠭᠡᠢ᠃ | 3. ᠢᠯᠡᠴᠢᠯᠡᠨ ᠮᠡᠳᠡᠭᠦᠯᠬᠦ ᠠᠭᠤᠯᠭ᠎ᠠ ᠳᠠᠭᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ | ᠵᠥᠷᠢᠴᠡᠭᠰᠡᠨ ᠦᠭᠡ ᠶᠠᠷᠢᠶ᠎ᠠ ᠶᠢ ᠨᠡᠶᠢᠲᠡᠯᠡᠵᠦ ᠪᠣᠯᠬᠤ ᠦᠭᠡᠢ᠂ ᠢᠯᠡᠴᠢᠯᠡᠨ ᠮᠡᠳᠡᠭᠦᠯᠦᠭᠰᠡᠨ ᠪᠡᠶᠡᠴᠢ ᠴᠣᠭᠴᠠ ᠨᠢ ᠬᠠᠤᠯᠢ ᠶᠢ ᠵᠥᠷᠢᠴᠡᠨ ᠦᠭᠡ ᠦᠯᠡᠳᠡᠭᠡᠭᠰᠡᠨ | ᠠᠯᠢᠪᠠ ᠦᠢᠯᠡ ᠠᠵᠢᠯᠯᠠᠭ᠎ᠠ ᠠᠴᠠ ᠪᠣᠯᠤᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 4. ᠢᠯᠡᠴᠢᠯᠡᠨ ᠮᠡᠳᠡᠭᠦᠯᠦᠭᠴᠢ ᠶᠢᠨ ᠬᠠᠩᠭᠠᠭᠰᠠᠨ ᠮᠡᠳᠡᠭᠡ ᠵᠠᠩᠭᠢ ᠶᠢ ᠵᠥᠪᠬᠡᠨ ᠠᠵᠢᠯ ᠳᠤ ᠬᠡᠷᠡᠭᠯᠡᠭᠦᠯᠬᠦ ᠠᠴᠠ ᠪᠢᠰᠢ᠂ ᠬᠤᠯᠪᠣᠭᠳᠠᠯ ᠪᠦᠬᠦᠢ ᠮᠡᠳᠡᠭᠡ | ᠵᠠᠩᠭᠢ ᠶᠢ ᠬᠠᠤᠯᠢ ᠪᠤᠰᠤ ᠪᠠᠷ ᠵᠠᠳᠠᠷᠠᠭᠤᠯᠬᠤ ᠦᠭᠡᠢ᠃ | ᠳᠥᠷᠪᠡ᠂ ᠢᠯᠡᠴᠢᠯᠡᠨ ᠮᠡᠳᠡᠭᠦᠯᠬᠦ ᠠᠷᠭ᠎ᠠ ᠵᠠᠮ ᠲᠤᠰᠬᠠᠢ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠬᠤᠭᠤᠴᠠᠭᠠᠨ ᠳᠤ᠂ ᠰᠦᠯᠵᠢᠶᠡᠴᠢᠳ ᠤᠨ ᠬᠠᠤᠯᠢ | ᠲᠣᠭᠲᠠᠭᠠᠯ ᠶᠣᠰᠣᠭᠠᠷ ᠢᠯᠡᠴᠢᠯᠡᠨ ᠮᠡᠳᠡᠭᠦᠯᠦᠭᠰᠡᠨ ᠡᠯ᠎ᠡ ᠲᠥᠷᠥᠯ ᠤᠨ ᠰᠦᠪᠡᠭᠴᠢ ᠶᠢ ᠥᠷᠭᠡᠨ ᠢᠶᠠᠷ ᠭᠥᠯᠢᠶᠡᠨ ᠠᠪᠴᠤ ᠰᠢᠢᠳᠪᠦᠷᠢᠯᠡᠨ᠎ᠡ᠃ | ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ 2 ᠵᠦᠢᠯ ᠤᠨ ᠠᠷᠭ᠎ᠠ ᠮᠠᠶ᠋ᠢᠭ ᠨᠢ ᠳᠣᠣᠷᠠᠬᠢ ᠮᠡᠲᠦ᠄ | 1. ᠢᠯᠡᠴᠢᠯᠡᠨ ᠮᠡᠳᠡᠬᠦᠯᠬᠦ ᠢᠮᠧᠯ ᠢᠶᠠᠷ ᠶᠠᠪᠤᠭᠤᠯᠬᠤ᠄ | ᠬᠥᠯᠥᠨ ᠪᠤᠶᠢᠷ ᠬᠤᠲᠠ᠄ yhxxjb0470@163.com | ᠬᠠᠶᠢᠯᠠᠷ ᠲᠤᠭᠤᠷᠢᠭ᠄ hlewxb@163.com | ᠶᠠᠭᠰᠢ᠄ yksswwxb@163.com | ᠵᠠᠯᠠᠨ ᠠᠶᠢᠯ᠄ zltwazx@qq.com | ᠡᠷᠭᠦᠨ᠎ᠡ᠄ eegnwxbyx@163.com | ᠭᠡᠭᠡᠨ ᠭᠤᠤᠯ᠄ wlaqzx@163.com | ᠠᠷᠤᠨ ᠬᠤᠰᠢᠭᠤ᠄ 3034574088@qq.com | ᠮᠤᠷᠢᠨᠳᠠᠪᠠᠭ᠎ᠠ ᠬᠤᠰᠢᠭᠤ᠄ xcb7031@163.com | ᠣᠷᠴᠣᠨ ᠤ ᠦᠪᠡᠷᠲᠡᠭᠡᠨ ᠵᠠᠰᠠᠬᠤ ᠬᠤᠰᠢᠭᠤ᠄ elcqwxb@163.com | ᠡᠸᠡᠩᠬᠢ ᠬᠤᠰᠢᠭᠤ᠄ ewkwxb@163.com | ᠬᠠᠭᠤᠴᠢᠨ ᠪᠠᠷᠭᠤ ᠬᠤᠰᠢᠭᠤ᠄ cbehqwxb@163.com | ᠰᠢᠨ᠎ᠡ ᠪᠠᠷᠭᠤ ᠵᠡᠭᠦᠨ ᠬᠤᠰᠢᠭᠤ᠄ 17790798333@163.com | ᠰᠢᠨ᠎ᠡ ᠪᠠᠷᠭᠤ ᠪᠠᠷᠠᠭᠤᠨ ᠬᠤᠰᠢᠭᠤ᠄ wyqwxb@163.com | ᠵᠠᠯᠠᠶᠢᠨᠠᠭᠤᠷ ᠲᠤᠭᠤᠷᠢᠭ᠄ zlneqwxb@163.com | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠠᠴᠠ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ | ᠲᠥᠪ ᠤᠨ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠤᠨ ᠢᠯᠡᠴᠢᠯᠡᠨ ᠮᠡᠳᠡᠭᠦᠯᠬᠦ ᠲᠤᠰᠬᠠᠢ ᠲᠤᠭᠤᠷᠢᠭ ᠲᠤ ᠢᠯᠡᠴᠢᠯᠡᠨ ᠮᠡᠳᠡᠭᠦᠯᠬᠦ ᠮᠡᠳᠡᠭᠡ | ᠵᠠᠩᠭᠢ ᠶᠢ ᠲᠠᠭᠯᠠᠨ ᠪᠢᠴᠢᠨ᠎ᠡ ︵ᠳᠤᠤᠷᠠᠬᠢ ᠬᠤᠶᠠᠷ ᠬᠡᠮᠵᠢᠯᠲᠦ ᠺᠤᠳ᠋ ᠢ ᠰᠢᠷᠪᠢᠭᠡᠷᠡᠢ︶᠄ | |