— 2024 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ | | ᠲᠥᠯᠥᠭᠡᠯᠡᠭᠴᠢᠳ ᠠ᠋᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ | ᠶᠠᠷᠢᠯᠴᠠᠬᠤ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ | ᠮᠥᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠳᠠᠭᠴᠢ ᠵᠢᠯ ᠮᠥᠨ᠃ | ᠲᠦᠢᠯ ᠤᠨ ᠲᠦᠪᠡᠭ ᠪᠤᠳᠤᠯᠢᠶᠠᠨᠲᠠᠢ ᠣᠯᠠᠨ ᠤᠯᠤᠰ ᠤᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ | ᠲᠣᠭᠲᠠᠭᠤᠨ ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠶᠢᠨ | ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠠᠵᠢᠯ ᠯᠠᠪᠳᠠᠭᠤᠨ ᠲᠣᠭᠲᠠᠭᠤᠨ ᠢᠶᠠᠷ ᠱᠠᠲᠤ ᠰᠢᠯᠵᠢᠵᠦ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ᠂ ᠪᠦᠭᠦ ᠵᠢᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | — ᠠᠵᠤ ᠠᠬᠤᠢ ᠶᠡᠷᠦᠩᠬᠡᠢ ᠳᠡᠭᠡᠨ ᠰᠡᠷᠭᠦᠨ ᠰᠠᠶᠢᠵᠢᠷᠠᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ 126 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ᠂ 5.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ | ᠴᠣᠭᠴᠠ ᠶᠢᠨ ᠡᠮᠦᠨ᠎ᠡ ᠡᠩᠨᠡᠭᠡᠨ ᠳᠤ ᠣᠷᠣᠪᠠ᠃ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1244 ᠲᠦᠮᠡ ᠰᠢᠨ᠎ᠡ ᠪᠠᠷ ᠨᠡᠮᠡᠭᠳᠡᠵᠦ᠂ ᠬᠤᠲᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.2% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ | ᠥᠰᠪᠡ᠃ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠨ᠎ᠠ᠃ | — ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠯᠲᠠ ᠲᠠᠢ ᠪᠣᠯᠪᠠ᠃ ᠤᠯᠠᠮᠵᠢᠯᠠᠯᠲᠤ ᠠᠵᠤ ᠦᠢᠯᠡᠰ ᠤᠨ | ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠥᠷᠨᠢᠩᠭᠦᠢ | ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠡᠮᠬᠢ ᠵᠢᠷᠤᠮ ᠲᠠᠢ ᠪᠠᠶᠢᠷᠢᠯᠠᠭᠤᠯᠵᠤ᠂ ᠲᠡᠷᠢᠭᠦᠨ ᠤ ᠦᠢᠯᠡᠳᠬᠦ ᠦᠢᠯᠡᠰ ᠪᠣᠯᠣᠨ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠭᠦᠨᠵᠡᠭᠡᠢ ᠠᠭᠤᠰᠤᠯᠴᠠᠭᠤᠯᠤᠨ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ | ᠳᠡᠯᠡᠬᠡᠢ ᠶᠢᠨ ᠲᠡᠷᠢᠭᠦᠨ ᠤ ᠲᠦᠪᠰᠢᠨ ᠳᠤ ᠭᠦᠷᠪᠡ᠃ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠨᠢᠰᠬᠡᠯ C919 ᠶᠢ ᠬᠤᠳᠠᠯᠳᠤᠭᠠᠨ ᠤ ᠠᠵᠢᠯᠯᠠᠭᠠᠨ ᠳᠤ | ᠣᠷᠣᠭᠤᠯᠵᠤ᠂ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠶᠢ ᠠᠮᠵᠢᠯᠲᠠ ᠲᠠᠢ ᠪᠠᠷ ᠦᠢᠯᠡᠳᠴᠦ᠂ ᠰᠢᠨ᠎ᠡ | ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠦᠢᠯᠡᠳᠪᠦᠷᠢᠯᠡᠭᠰᠡᠨ ᠪᠠ ᠪᠣᠷᠣᠯᠠᠭᠤᠯᠤᠭᠰᠠᠨ ᠬᠡᠮᠵᠢᠶ᠎ᠡ ᠶᠢᠨ ᠪᠦᠭᠦ ᠪᠥᠮᠪᠥᠷᠴᠡᠭ ᠲᠤ ᠡᠵᠡᠯᠡᠬᠦ ᠬᠤᠪᠢ ᠶᠢᠨ | ᠵᠢᠩ 60% ᠶᠢ ᠳᠠᠪᠠᠵᠠᠢ᠃ | — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ ᠤᠯᠤᠰ ᠤᠨ ᠲᠤᠷᠰᠢᠯᠲᠠ ᠶᠢᠨ | ᠲᠠᠰᠤᠭ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠠᠵᠢᠯ ᠡᠯᠪᠡᠭ ᠦᠷ᠎ᠡ ᠪᠦᠲᠦᠭᠡᠯ ᠣᠯᠵᠤ᠂ ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ᠂ ᠰᠢᠲᠠᠮᠠᠬᠠᠢ ᠬᠡᠢ ᠶᠢᠨ ᠲᠦᠷᠪᠢᠨ᠂ ᠳᠥᠷᠪᠡᠳᠦᠭᠡᠷ | ᠦᠶ᠎ᠡ ᠶᠢᠨ ᠴᠥᠮ᠎ᠡ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠵᠡᠷᠭᠡ ᠳᠡᠭᠡᠳᠦ ᠲᠡᠰ ᠤᠨ ᠲᠣᠨᠣᠭᠯᠠᠯ ᠢ ᠰᠤᠳᠤᠯᠤᠨ ᠦᠢᠯᠡᠳᠬᠦ ᠠᠵᠢᠯ ᠲᠦᠷᠭᠡᠨ ᠬᠥᠭᠵᠢᠵᠦ᠂ | ᠵᠣᠬᠢᠶᠠᠮᠠᠯ ᠤᠶᠤᠯᠢᠬ᠂ ᠺᠸᠠᠨ᠋ᠲ ᠤᠨ ᠮᠡᠷᠭᠡᠵᠢᠯ ᠵᠡᠷᠭᠡ ᠬᠤᠰᠢᠭᠤᠷᠠᠯ ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ | ᠭᠠᠷᠪᠠ᠃ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ 28.6% ᠪᠠᠷ ᠨᠡᠮᠡᠭᠳᠡᠪᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠤᠯᠭᠠᠬᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ | — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠰᠢᠨ᠎ᠡ ᠨᠢᠭᠡᠨ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠪ ᠤᠨ ᠳᠡᠰ ᠳᠠᠪᠬᠤᠷᠭ᠎ᠠ ᠳᠠᠬᠢ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠣᠷᠣᠨ ᠨᠤᠲᠤᠭ ᠤᠨ ᠳᠡᠰ ᠳᠠᠪᠬᠤᠷᠭ᠎ᠠ ᠶᠢᠨ ᠥᠭᠡᠷᠡᠴᠢᠯᠡᠯᠲᠡ ᠶᠢ | ᠡᠮᠬᠢ ᠵᠢᠷᠤᠮ ᠲᠠᠢ ᠪᠠᠷ ᠶᠠᠪᠤᠭᠳᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠡᠶᠢᠲᠡᠯᠡᠪᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠤᠯᠠᠨ ᠤᠯᠤᠰ ᠤᠨ ᠵᠠᠬ᠎ᠠ ᠳᠡᠯᠭᠡᠭᠦᠷ ᠲᠤ ᠡᠵᠡᠯᠡᠬᠦ | ᠭᠠᠳᠠᠭᠠᠳᠤ ᠭᠠᠷᠭᠠᠯᠲᠠ ᠶᠢᠨ ᠬᠤᠪᠢᠲᠠᠴᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠭᠠᠳᠠᠭᠠᠳᠤ ᠪᠡᠯᠡ ᠶᠢ ᠪᠣᠳᠠᠲᠠᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ ᠢ ᠨᠡᠩ ᠢᠯᠡ ᠲᠣᠳᠣ | ᠢᠯᠡᠷᠡᠭᠦᠯᠪᠡ᠃ | — ᠠᠮᠤᠷ ᠲᠦᠪᠰᠢᠨ ᠢᠶᠠᠷ ᠬᠥᠭᠵᠢᠭᠦᠯᠬᠦ ᠰᠠᠭᠤᠷᠢ ᠶᠢ ᠪᠠᠲᠤᠳᠬᠠᠨ ᠪᠠᠬᠢᠵᠢᠭᠦᠯᠪᠡ᠃ ᠠᠮᠤ ᠪᠤᠳᠠᠭᠠᠨ ᠤ ᠤᠨᠠᠯᠳᠠ 1.39 ᠲᠦᠮᠡᠨ ᠳ᠋ᠦᠩᠰᠢᠭᠤᠷ | ᠵᠢᠩ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠬᠠᠩᠭᠠᠯᠭ᠎ᠠ ᠲᠣᠭᠲᠠᠭᠤᠨ ᠪᠠᠶᠢᠨ᠎ᠠ᠃ | ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ᠃ ᠠᠵᠤ ᠠᠬᠤᠢ | ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠪᠠ᠃ ᠣᠳᠣᠬᠢᠴᠢᠯᠠᠭᠰᠠᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ | ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠪᠠ᠃ ᠪᠣᠬᠢᠷᠳᠤᠯ ᠢ ᠰᠡᠷᠭᠡᠶᠢᠯᠡᠨ | ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ | ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠭᠠᠵᠠᠷ ᠤᠨ ᠭᠠᠳᠠᠷᠭᠤ ᠶᠢᠨ ᠤᠰᠤ ᠪᠠ ᠡᠷᠭᠢ ᠣᠶᠢᠷᠠᠯᠴᠠᠭ᠎ᠠ ᠲᠠᠯᠠᠢ ᠶᠢᠨ ᠣᠷᠣᠨ ᠤ ᠤᠰᠤᠨ ᠤ ᠴᠢᠨᠠᠷ ᠢ | ᠦᠷᠭᠦᠯᠵᠢᠯᠡᠨ ᠰᠠᠶᠢᠵᠢᠷᠠᠭᠤᠯᠪᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠭᠦ ᠲᠠᠯ᠎ᠠ ᠪᠠᠷ ᠡᠬᠢᠯᠡᠭᠦᠯᠪᠡ᠃ | ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠢᠯᠴᠢ ᠶᠢᠨ ᠴᠠᠭᠢᠯᠭᠠᠨ ᠠᠴᠠ ᠲᠡᠦᠬᠡᠲᠦ | ᠴᠢᠨᠠᠷᠲᠠᠢ ᠪᠠᠷ ᠳᠠᠪᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠪᠦᠭᠦ ᠪᠥᠮᠪᠥᠷᠴᠡᠭ ᠤᠨ ᠬᠠᠭᠠᠰ ᠠᠴᠠ ᠳᠠᠪᠠᠪᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠤᠯᠬᠤ ᠣᠷᠣᠯᠭ᠎ᠠ 6.1% ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8.4% ᠪᠠᠷ ᠨᠡᠮᠡᠭᠳᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ | ᠠᠰᠠᠷᠠᠮᠵᠢ᠂ ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠶᠢᠨ ᠪᠠᠲᠤᠯᠠᠭ᠎ᠠ | ᠭᠦᠷᠳᠡᠭᠦ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ ᠬᠡᠦᠬᠡᠳ | ᠬᠥᠮᠥᠵᠢᠭᠦᠯᠬᠦ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ | ᠭᠦᠷᠲᠡᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠬᠠᠩᠭᠠᠯᠭ᠎ᠠ ᠶᠢ ᠴᠢᠩᠭᠠᠳᠬᠠᠵᠤ᠂ ᠮᠢᠩᠭ᠎ᠠ ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ᠂ ᠮᠠᠨ ᠤ ᠤᠯᠤᠰ ᠤᠨ ᠠᠵᠤ | ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ | ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ᠂ ᠭᠠᠵᠠᠷ ᠣᠷᠣᠨ ᠤ ᠤᠯᠤᠰ ᠲᠦᠷᠦ ᠶᠢᠨ | ᠮᠥᠷᠭᠦᠯᠳᠦᠭᠡᠨ ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠳᠡᠭᠡᠭᠰᠢᠯᠡᠵᠦ᠂ ᠮᠠᠨ ᠤ ᠤᠯᠤᠰ ᠤᠨ ᠬᠥᠭᠵᠢᠯᠲᠡ ᠳᠤ ᠦᠵᠡᠭᠦᠯᠭᠦ ᠭᠠᠳᠠᠭᠠᠳᠤ | ᠣᠷᠴᠢᠨ ᠨᠥᠬᠦᠴᠡᠯ ᠤᠨ ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠠᠪᠴᠤ ᠦᠵᠡᠪᠡᠯ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ ᠥᠩᠭᠡᠷᠡᠭᠡᠭᠡᠳ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠰ | ᠪᠡᠶ᠎ᠡ ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ ᠲᠦᠷᠭᠡᠰᠦᠨ | ᠢᠯᠡᠷᠡᠵᠦ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ ᠬᠤᠶᠢᠨ᠎ᠠ ᠠᠴᠠ ᠪᠠᠨ ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ | ᠪᠠᠶᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠠᠶᠢᠳᠠᠯ ᠳᠠᠪᠬᠤᠴᠠᠵᠤ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ | ᠵᠡᠷᠭᠡ ᠪᠠᠷ ᠣᠷᠣᠰᠢᠵᠤ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠵᠢᠵᠢᠭ | ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ ᠭᠡᠮ ᠲᠣᠪᠤᠶᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ | ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ᠃ ᠡᠶᠢᠮᠦᠷᠬᠦᠦ ᠪᠠᠶᠢᠳᠠᠯ ᠤᠨ ᠳᠣᠣᠷ᠎ᠠ᠂ | ᠲᠦᠷᠦ ᠶᠢᠨ ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ | ᠢᠯᠡᠳᠲᠡ ᠣᠯᠠᠰᠢᠷᠠᠪᠠ᠃ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ ᠭᠠᠷᠤᠭᠰᠠᠨ ᠪᠠᠶᠢᠨ᠎ᠠ᠃ ᠢᠯᠠᠩᠭᠤᠶ᠎ᠠ ᠪᠢᠳᠡ ᠰᠢᠨ᠎ᠡ | ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠦᠨᠳᠦ ᠶᠡᠭᠡ ᠬᠦᠴᠢᠷ | ᠪᠡᠷᠬᠡᠰᠢᠶᠡᠯ ᠢ ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ | ᠳᠠᠪᠠᠭ᠋ᠤ ᠰᠥᠰᠥ ᠵᠣᠷᠢᠭ᠂ ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ᠂ | ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ ᠭᠡᠳᠡᠭ ᠢ ᠦᠢᠯᠡᠳᠦᠯᠭᠡ ᠭᠦᠢᠴᠡᠳ ᠬᠠᠷᠠᠭᠤᠯᠵᠠᠢ︕ | | |