ᠣᠶᠢᠷ᠎ᠠ ᠶᠢᠨ ᠵᠢᠯ ᠤᠳ ᠲᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠦᠷᠦᠯ ᠤᠨ ᠬᠢᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠦᠨᠳᠦᠰᠦᠯᠡᠨ | ᠴᠠᠭ ᠠᠭᠤᠷ ᠢ ᠬᠠᠶᠢᠨ ᠬᠡᠮᠵᠢᠬᠦ ᠤᠯᠠᠨ ᠲᠦᠷᠦᠯ ᠤᠨ ᠲᠥᠬᠦᠭᠡᠷᠦᠮᠵᠢ ᠶᠢ ᠵᠣᠬᠢᠶᠠᠨ ᠪᠠᠶᠢᠭᠤᠯᠵᠤ᠂ ᠮᠠᠨ ᠤ ᠬᠤᠲᠠ ᠶᠢᠨ ᠨᠡᠶᠢᠭᠡᠮ ᠤᠨ ᠴᠠᠭ ᠠᠭᠤᠷ ᠤᠨ | ᠠᠵᠢᠭᠯᠠᠯᠲᠠ ᠶᠢᠨ ᠲᠣᠣᠷ ᠢ ᠦᠨᠳᠦᠰᠦᠨ ᠳᠡᠭᠡᠨ ᠪᠦᠷᠢᠯᠳᠦᠭᠦᠯᠵᠦ᠂ ᠶᠡᠷᠦᠩᠬᠡᠶᠢᠯᠡᠭᠰᠡᠨ ᠴᠠᠭ ᠠᠭᠤᠷ ᠤᠨ ᠠᠵᠢᠭᠯᠠᠯᠲᠠ ᠶᠢᠨ ᠥᠷᠲᠡᠭᠡᠨ ᠤ ᠲᠣᠣᠷ ᠤᠨ ᠬᠦᠷᠦᠯᠴᠡᠬᠦ | ᠦᠭᠡᠢ ᠲᠠᠯ᠎ᠠ ᠶᠢ ᠪᠦᠲᠦᠮᠵᠢᠲᠡᠶ ᠪᠠᠷ ᠨᠥᠬᠦᠪᠦᠷᠢᠯᠡᠵᠦ᠂ ᠴᠠᠭ ᠠᠭᠤᠷ ᠤᠨ ᠬᠢᠨᠠᠨ ᠬᠡᠮᠵᠢᠯᠲᠡ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠬᠦ᠂ ᠬᠢᠨᠠᠨ ᠬᠡᠮᠵᠢᠯᠲᠡ ᠶᠢᠨ | ᠪᠠᠯᠠᠢ ᠣᠷᠣᠨ ᠢ ᠨᠥᠬᠦᠪᠦᠷᠢᠯᠡᠬᠦ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃ ᠡᠭᠦᠨ ᠤ ᠵᠡᠷᠭᠡ ᠳᠤ᠂ ᠠᠵᠢᠭᠯᠠᠨ ᠬᠡᠮᠵᠢᠬᠦ ᠪᠠᠷᠢᠮᠵᠢᠶ᠎ᠠ ᠨᠢ ᠠᠳᠠᠯᠢ | ᠦᠭᠡᠢ᠂ ᠬᠠᠶᠢᠨ ᠬᠡᠮᠵᠢᠬᠦ ᠣᠷᠴᠢᠨ ᠨᠥᠬᠦᠴᠡᠯ ᠨᠢ ᠵᠢᠭᠳᠡ ᠦᠭᠡᠢ᠂ ᠠᠵᠢᠭᠯᠠᠨ ᠬᠡᠮᠵᠢᠬᠦ ᠨᠠᠷᠢᠪᠴᠢᠯᠠᠴᠠ ᠪᠠ ᠳᠠᠪᠲᠠᠮᠵᠢ ᠶᠢᠨ ᠵᠥᠷᠢᠶ᠎ᠡ ᠵᠢᠴᠢ ᠲᠤᠭ᠎ᠠ ᠪᠠᠷᠢᠮᠲᠠ ᠶᠢᠨ | ᠵᠤᠯᠭᠠᠭᠤᠯᠤᠯ᠂ ᠰᠲ᠋ᠢᠯᠢ ᠬᠡᠯᠪᠡᠷᠢ ᠨᠢ ᠨᠢᠭᠡᠳᠦᠯ ᠦᠭᠡᠢ ᠵᠡᠷᠭᠡ ᠦᠵᠡᠭᠳᠡᠯ ᠣᠷᠣᠰᠢᠵᠤ᠂ ᠲᠤᠭ᠎ᠠ ᠪᠠᠷᠢᠮᠲᠠ ᠶᠢᠨ ᠬᠡᠷᠡᠭᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ | ᠪᠠ ᠶᠡᠷᠦᠩᠬᠡᠶᠢᠯᠡᠭᠰᠡᠨ ᠦᠷ᠎ᠡ ᠠᠰᠢᠭ ᠤᠨ ᠪᠠᠳᠠᠷᠠᠭᠤᠯᠤᠯᠲᠠ ᠶᠢ ᠬᠦᠨᠳᠦ ᠨᠣᠴᠢᠲᠠᠢ ᠬᠢᠵᠠᠭᠠᠷᠯᠠᠵᠠᠢ᠃ | ᠪᠦᠬᠦ ᠬᠤᠲᠠ ᠶᠢᠨ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠨᠢᠭᠡᠳᠦᠯᠲᠡᠢ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠠᠵᠢᠯ ᠲᠥᠷᠥᠯ ᠭᠤᠣᠯᠯᠠᠨ ᠬᠠᠮᠢᠶᠠᠷᠬᠤ᠂ ᠰᠠᠯᠠᠭ᠎ᠠ ᠮᠥᠴᠢᠷ | ᠬᠠᠮᠲᠤᠪᠠᠷ ᠪᠠᠶᠢᠭᠤᠯᠬᠤ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠬᠠᠮᠢᠶᠠᠷᠤᠯᠲᠠ ᠪᠠ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠶᠡᠷᠦᠩᠬᠡᠶᠢᠯᠡᠭᠰᠡᠨ | ᠴᠠᠭ ᠠᠭᠤᠷ ᠤᠨ ᠠᠵᠢᠭᠯᠠᠯᠲᠠ ᠶᠢᠨ ᠦᠷ᠎ᠡ ᠠᠰᠢᠭ ᠢ ᠨᠡᠩ ᠰᠠᠶᠢᠨ ᠪᠠᠳᠠᠷᠠᠭᠤᠯᠬᠤ ᠶᠢᠨ ᠲᠤᠰᠠᠳᠠ᠂ ︽ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ | ᠬᠥᠲᠥᠯᠪᠦᠷᠢ ︵2022 — 2035 ᠣᠨ︶︾ ︵ᠲᠦᠷᠦ ᠲᠠᠷᠬᠠᠭᠠᠭᠰᠠᠨ ﹇2022﹈ 11 ᠳ᠋ᠤᠭᠡᠷ ᠲᠣᠭᠠᠲᠤ︶᠂ ︽ᠳ᠋ᠠᠶᠢᠲ᠋ᠠ ᠶᠢᠨ ᠰᠠᠭᠤᠷᠢ ᠳᠦᠷᠢᠮ ᠢ | ᠪᠠᠶᠢᠭᠤᠯᠵᠤ ᠳ᠋ᠠᠶᠢᠲ᠋ᠠ ᠶᠢᠨ ᠡᠯᠧᠮᠧᠨ᠋ᠲ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ︵ᠥᠪᠥᠷ ᠨᠠᠮ ᠲᠠᠷᠬᠠᠭᠠᠭᠰᠠᠨ ︹2024︺ 4 ᠳ᠋ᠤᠭᠡᠷ | ᠲᠣᠭᠠᠲᠤ︶᠂ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹2021︺ 16 ᠳ᠋ᠤᠭᠠᠷ ᠲᠣᠭᠠᠲᠤ︶ ᠪᠠ ︽ᠴᠠᠭ ᠠᠭᠤᠷ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ | ᠰᠠᠨᠠᠯ︾ ︵ᠬᠦᠯᠦᠨ ᠵᠠᠰᠠᠭ ᠲᠠᠷᠬᠠᠭᠠᠭᠰᠠᠨ ︹2022︺ 33 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠡᠳᠦᠭᠡ ᠬᠤᠯᠪᠣᠭᠳᠠᠯ ᠪᠦᠬᠦᠢ ᠠᠵᠢᠯ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠶᠢ ᠴᠢᠩᠭᠠᠷᠠᠭᠤᠯᠵᠤ ᠴᠠᠭ ᠠᠭᠤᠷ ᠤᠨ ᠬᠠᠶᠢᠨ ᠬᠡᠮᠵᠢᠯᠲᠡ ᠶᠢᠨ ᠲᠥᠬᠦᠭᠡᠷᠦᠮᠵᠢ ᠶᠢ ᠨᠢᠭᠡᠳᠦᠯᠲᠡᠢ | ᠲᠥᠯᠥᠪᠵᠢᠭᠦᠯᠦᠨ᠎ᠡ | ︵ᠨᠢᠭᠡ︶ ᠨᠢᠭᠡᠳᠦᠯᠲᠡᠢ ᠲᠥᠯᠥᠪᠵᠢᠭᠦᠯᠵᠦ ᠪᠦᠲᠦᠭᠡᠨ ᠪᠠᠶᠢᠭᠤᠯᠤᠨ᠎ᠠ᠃ | ᠴᠠᠭ ᠠᠭᠤᠷ ᠤᠨ ᠰᠠᠯᠠᠭ᠎ᠠ ᠮᠥᠴᠢᠷ ᠲᠦᠷᠦᠭᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠴᠠᠭ ᠠᠭᠤᠷ ᠤᠨ | ᠬᠠᠶᠢᠨ ᠬᠡᠮᠵᠢᠯᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠥᠷᠲᠡᠭᠡ ᠲᠣᠣᠷ ᠤᠨ ᠪᠠᠶᠢᠷᠢᠰᠢᠭᠤᠯᠤᠯᠲᠠ ᠶᠢᠨ ᠲᠥᠰᠥᠯ ᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ ᠨᠡᠶᠢᠭᠡᠮ ᠤᠨ ᠴᠠᠭ ᠠᠭᠤᠷ ᠤᠨ ᠬᠢᠨᠠᠨ ᠠᠵᠢᠭᠯᠠᠯᠳᠠ ᠬᠠᠶᠢᠨ ᠬᠡᠮᠵᠢᠯᠲᠡ ᠶᠢᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠳᠠ ᠶᠢ ᠨᠢᠭᠡᠳᠦᠯᠳᠡᠢ ᠲᠦᠯᠦᠪᠵᠢᠬᠦᠯᠦᠨ᠎ᠡ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠪᠠ ᠵᠣᠬᠢᠶᠠᠨ ᠪᠠᠶᠢᠭᠤᠯᠤᠯᠲᠠ ᠶᠢᠨ ᠴᠠᠭ ᠠᠭᠤᠷ ᠤᠨ ᠭᠠᠮᠰᠢᠭ ᠤᠨ ᠰᠡᠷᠭᠡᠭ ᠣᠷᠣᠨ᠂ ᠠᠮᠠᠷᠬᠠᠨ ᠡᠭᠦᠰᠳᠡᠭ ᠣᠷᠣᠨ ᠳᠤ ᠴᠠᠭ | ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠪᠠᠶᠢᠷᠢᠯᠠᠭᠤᠯᠬᠤ ᠪᠤᠶᠤ ᠨᠢᠭᠤᠴᠠᠯᠠᠬᠤ ᠶᠢ ᠵᠤᠷᠢᠭᠵᠢᠭᠤᠯᠤᠨ᠎ᠠ᠃ ᠡᠯ᠎ᠡ ᠨᠢᠭᠡᠴᠢ ᠶᠢᠨ ᠥᠪᠡᠷ ᠲᠡᠭᠡᠨ ᠪᠠᠶᠢᠭᠤᠯᠬᠤ | ᠪᠠ ᠪᠠᠶᠢᠭᠤᠯᠬᠤ ᠪᠠᠷ ᠪᠠᠶᠢᠭ᠎ᠠ ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠪᠦᠲᠦᠭᠡᠨ ᠪᠠᠶᠢᠭᠤᠯᠬᠤ | ᠬᠠᠮᠢᠶᠠᠷᠤᠯᠲᠠ ᠳᠤ ᠬᠠᠮᠤᠷᠤᠭᠤᠯᠵᠤ᠂ ᠪᠦᠲᠦᠭᠡᠨ ᠪᠠᠶᠢᠭᠤᠯᠬᠤ ᠠᠴᠠ ᠡᠮᠦᠨ᠎ᠡ ᠬᠠᠷᠢᠶ᠎ᠠ ᠭᠠᠵᠠᠷ ᠤᠨ ᠴᠠᠭ ᠠᠭᠤᠷ ᠤᠨ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠵᠤ᠂ ᠳᠠᠪᠬᠤᠷᠳᠠᠭᠤᠯᠤᠨ ᠪᠡᠯᠡ ᠣᠷᠣᠭᠤᠯᠬᠤ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠨ᠎ᠠ᠃ | ︵ᠬᠤᠶᠠᠷ︶ ᠴᠠᠭ ᠲᠤᠬᠠᠢ ᠳᠤᠨᠢ ᠪᠦᠷᠢᠳᠬᠡᠨ ᠳᠡᠩᠰᠡᠯᠡᠵᠦ ᠮᠡᠳᠡᠭᠡᠯᠡᠨ᠎ᠡ᠃ | ᠡᠯ᠎ᠡ ᠨᠢᠭᠡᠴᠢ ᠶᠢᠨ ᠨᠢᠭᠡᠨᠲᠡ ᠪᠠᠶᠢᠭᠤᠯᠤᠭᠰᠠᠨ ᠪᠠ ᠰᠢᠨ᠎ᠡ ᠪᠠᠷ ᠪᠠᠶᠢᠭᠤᠯᠤᠭᠰᠠᠨ ᠴᠠᠭ ᠠᠭᠤᠷ ᠤᠨ ᠬᠠᠶᠢᠨ ᠬᠡᠮᠵᠢᠯᠲᠡ ᠶᠢᠨ ᠪᠡᠯᠡᠳᠬᠡᠮᠵᠢ ᠶᠢᠨ ᠭᠠᠵᠠᠷ | ᠵᠦᠢ ᠶᠢᠨ ᠪᠠᠶᠢᠷᠢᠯᠠᠯ᠂ ᠬᠠᠷᠠᠯᠲᠠᠲᠤ ᠬᠡᠷᠡᠭᠴᠡᠭᠡ᠂ ᠲᠥᠬᠦᠭᠡᠷᠦᠮᠵᠢ ᠶᠢᠨ ᠪᠣᠯᠵᠣᠯᠲᠤ ᠲᠤᠭ᠎ᠠ ᠵᠡᠷᠭᠡ ᠮᠡᠳᠡᠭᠡ ᠵᠠᠩᠭᠢ ᠶᠢ ᠴᠠᠭ ᠠᠭᠤᠷ ᠤᠨ ᠰᠠᠯᠠᠭ᠎ᠠ ᠮᠥᠴᠢᠷ ᠲᠤ | ᠴᠠᠭ ᠲᠤᠬᠠᠢ ᠳᠤᠨᠢ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠳ ᠪᠥᠬᠦ ᠬᠤᠲᠠ ᠶᠢᠨ ᠨᠡᠶᠢᠭᠡᠮ ᠤᠨ ᠴᠠᠭ ᠠᠭᠤᠷ ᠢ | ᠠᠵᠢᠭᠯᠠᠨ ᠬᠡᠮᠵᠢᠬᠦ ᠬᠠᠶᠢᠨ ᠬᠡᠮᠵᠢᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠪᠠᠶᠢᠷᠢᠰᠢᠭᠤᠯᠤᠯᠲᠠ ᠶᠢᠨ ᠪᠠᠶᠢᠳᠠᠯ ᠢ ᠪᠦᠷᠢᠳᠬᠡᠨ ᠡᠮᠬᠢᠯᠡᠬᠦ ᠪᠠ ᠲᠣᠭᠲᠠᠮᠠᠯ | ᠬᠤᠭᠤᠴᠠᠭ᠎ᠠ ᠲᠠᠢ ᠪᠠᠷ ᠨᠡᠪᠲᠡᠷᠡᠭᠦᠯᠬᠦ ᠶᠢ ᠬᠠᠷᠢᠭᠤᠴᠠᠵᠤ᠂ ᠪᠥᠬᠦ ᠬᠤᠲᠠ ᠶᠢᠨ ᠶᠡᠷᠦᠩᠬᠡᠶᠢᠯᠡᠭᠰᠡᠨ ᠴᠠᠭ ᠠᠭᠤᠷ ᠢ ᠠᠵᠢᠭᠯᠠᠨ ᠬᠡᠮᠵᠢᠬᠦ ᠲᠣᠣᠷ ᠰᠦᠯᠵᠢᠶ᠎ᠡ ᠳᠤ | ᠲᠥᠷᠥᠯ ᠬᠤᠪᠢᠶᠠᠨ ᠣᠷᠣᠭᠤᠯᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠭᠠᠳᠠᠭᠠᠳᠤ ᠳᠤ ᠬᠤᠯᠪᠣᠭᠳᠠᠬᠤ ᠴᠠᠭ ᠠᠭᠤᠷ ᠤᠨ ᠬᠠᠶᠢᠨ ᠬᠡᠮᠵᠢᠯᠲᠡ ᠶᠢᠨ | ᠦᠷᠲᠡᠭᠡ ︵ᠴᠡᠭ︶ ᠪᠠᠶᠢᠭᠤᠯᠬᠤ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ︽ᠭᠠᠳᠠᠭᠠᠳᠤ ᠳᠤ ᠬᠤᠯᠪᠣᠭᠳᠠᠬᠤ | ᠴᠠᠭ ᠠᠭᠤᠷ ᠤᠨ ᠬᠠᠶᠢᠨ ᠬᠡᠮᠵᠢᠯᠲᠡ ᠪᠠ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠨ᠎ᠡ᠃ | ︵ᠭᠤᠷᠪᠠ︶ ᠠᠵᠢᠯ ᠲᠥᠷᠥᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ | ᠴᠠᠭ ᠠᠭᠤᠷ ᠤᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠨᠡᠶᠢᠭᠡᠮ ᠤᠨ ᠴᠠᠭ ᠠᠭᠤᠷ ᠤᠨ | ᠠᠵᠢᠭᠯᠠᠯᠲᠠ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠵᠢᠯᠤᠭᠤᠳᠬᠤ ᠪᠠᠨ ᠴᠢᠩᠭᠠᠷᠠᠭᠤᠯᠤᠨ᠎ᠠ᠃ ᠡᠯ᠎ᠡ ᠨᠢᠭᠡᠴᠢ ᠨᠦᠭᠦᠳ ᠴᠠᠭ ᠠᠭᠤᠷ ᠤᠨ ᠠᠵᠢᠯ ᠲᠥᠷᠥᠯ ᠤᠨ | ᠪᠠᠷᠢᠮᠵᠢᠶ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠴᠠᠭ ᠠᠭᠤᠷ ᠢ ᠠᠵᠢᠭᠯᠠᠨ ᠬᠡᠮᠵᠢᠬᠦ ᠠᠵᠢᠯᠯᠠᠭ᠎ᠠ ᠶᠢ ᠠᠯᠬᠤᠮ | ᠠᠯᠬᠤᠮ ᠢᠶᠠᠷ ᠵᠢᠷᠤᠮᠵᠢᠭᠤᠯᠵᠤ᠂ ᠲᠤᠭ᠎ᠠ ᠪᠠᠷᠢᠮᠲᠠ ᠶᠢᠨ ᠵᠠᠭᠪᠤᠷ ᠤᠨ ᠪᠠᠷᠢᠮᠵᠢᠶ᠎ᠠ ᠶᠢ ᠨᠢᠭᠡᠳᠦᠯᠲᠡᠢ ᠪᠣᠯᠭᠠᠵᠤ᠂ ᠴᠠᠭ ᠠᠭᠤᠷ ᠢ ᠬᠠᠶᠢᠨ ᠬᠡᠮᠵᠢᠬᠦ ᠪᠡᠯᠡᠳᠬᠡᠮᠵᠢ ᠶᠢᠨ | ᠬᠡᠮᠵᠢᠯᠲᠡ ᠶᠢ ᠰᠢᠯᠭᠠᠨ ᠲᠣᠭᠲᠠᠭᠠᠬᠤ᠂ ᠲᠣᠭᠤᠷᠢᠨ ᠪᠠᠶᠢᠴᠠᠭᠠᠵᠤ ᠬᠠᠷᠭᠤᠭᠤᠯᠬᠤ ᠪᠠ ᠬᠠᠮᠠᠭᠠᠯᠠᠵᠤ ᠰᠡᠯᠪᠢᠨ ᠵᠠᠰᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠡᠬᠢ ᠪᠠᠶᠠᠯᠢᠭ ᠤᠨ ᠰᠠᠭᠤᠷᠢ ᠶᠢ ᠳᠡᠭᠡᠭᠰᠢᠯᠡᠬᠦᠯᠦᠨ᠎ᠡ᠃ ᠰᠢᠨ᠎ᠡ ᠪᠠᠷ ᠪᠠᠶᠢᠷᠢᠯᠠᠭᠤᠯᠤᠭᠰᠠᠨ ᠪᠠ | ᠲᠥᠯᠥᠪᠵᠢᠭᠦᠯᠦᠨ ᠪᠦᠲᠦᠭᠡᠨ ᠪᠠᠶᠢᠭᠤᠯᠬᠤ ᠴᠠᠭ ᠠᠭᠤᠷ ᠤᠨ ᠬᠠᠶᠢᠨ ᠬᠡᠮᠵᠢᠯᠲᠡ ᠶᠢᠨ ᠲᠥᠬᠦᠭᠡᠷᠦᠮᠵᠢ᠂ ᠴᠠᠭ ᠠᠭᠤᠷ ᠤᠨ ᠮᠡᠷᠭᠡᠵᠢᠯ ᠤᠨ ᠲᠤᠰᠬᠠᠢ ᠬᠡᠷᠡᠭᠯᠡᠭᠡᠨ ᠤ | ᠲᠣᠨᠣᠭᠯᠠᠯ ᠨᠢ ᠤᠯᠤᠰ ᠤᠨ ᠪᠠᠷᠢᠮᠵᠢᠶ᠎ᠠ ᠪᠤᠶᠤ ᠠᠵᠢᠯ ᠲᠦᠷᠦᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠡᠩ ᠤᠨ ᠪᠠᠶᠢᠳᠠᠯ ᠳᠤ ᠲᠦᠷᠦ ᠶᠢᠨ | ᠶᠠᠪᠤᠳᠠᠯ ᠤᠨ ᠬᠤᠷᠢᠶᠠᠨ ᠤ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠢ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠠᠴᠠ ᠣᠯᠭᠤᠭᠰᠠᠨ ᠬᠡᠷᠡᠭᠯᠡᠬᠦ ᠵᠥᠪᠰᠢᠶᠡᠷᠡᠯ ᠤᠨ ᠦᠨᠡᠮᠯᠡᠯ ᠲᠠᠢ ᠪᠠᠶᠢᠬᠤ ᠬᠡᠷᠡᠭᠲᠡᠢ᠃ | ᠬᠤᠶᠠᠷ᠂ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠷᠠᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ᠎ᠠ | ︵ᠨᠢᠭᠡ︶ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠲᠣᠭᠲᠠᠴᠠ ᠶᠢ ᠪᠠᠶᠢᠭᠤᠯᠤᠨ᠎ᠠ᠃ | ᠴᠠᠭ ᠠᠭᠤᠷ ᠤᠨ ᠰᠠᠯᠠᠭ᠎ᠠ ᠮᠥᠴᠢᠷ ᠲᠦᠷᠦᠭᠦᠯᠡᠨ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠲᠤᠭ᠎ᠠ ᠪᠠᠷᠢᠮᠲᠠ ᠪᠠ ᠮᠠᠲ᠋ᠧᠷᠢᠶᠠᠯ ᠢ | ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠲᠥᠷᠥᠯ ᠵᠦᠢᠯ ᠤᠨ ᠴᠠᠭ | ᠠᠭᠤᠷ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠬᠡᠪᠴᠢᠶ᠎ᠡ᠂ ᠵᠠᠭᠪᠤᠷ ᠪᠠ ᠲᠠᠰ ᠳᠠᠷᠠᠭᠠᠯᠠᠯ ᠢ ᠵᠢᠷᠤᠮᠵᠢᠭᠤᠯᠤᠨ᠂ ᠨᠡᠶᠢᠭᠡᠮ ᠤᠨ ᠴᠠᠭ ᠠᠭᠤᠷ ᠤᠨ | ᠠᠵᠢᠭᠯᠠᠯᠲᠠ ᠶᠢᠨ ᠲᠤᠭ᠎ᠠ ᠪᠠᠷᠢᠮᠲᠠ ᠶᠢ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠨᠢᠭᠡᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠳᠤ ᠣᠯᠣᠭᠰᠠᠨ ᠴᠠᠭ ᠠᠭᠤᠷ ᠤᠨ ᠬᠠᠶᠢᠨ ᠬᠡᠮᠵᠢᠯᠲᠡ ᠶᠢᠨ ᠮᠠᠲ᠋ᠧᠷᠢᠶᠠᠯ ᠢᠶᠠᠨ ᠬᠤᠷᠢᠶᠠᠩᠭᠤᠶᠢᠯᠠᠨ | ᠲᠤᠰᠢᠶᠠᠵᠤ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠬᠦ ᠰᠠᠶᠢᠨ | ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠤᠨ᠎ᠠ᠃ | ︵ᠬᠤᠶᠠᠷ︶ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠴᠠᠭ ᠠᠭᠤᠷ ᠤᠨ ᠰᠠᠯᠠᠭ᠎ᠠ ᠮᠥᠴᠢᠷ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠬᠠᠳᠠᠭᠠᠯᠠᠬᠤ ᠪᠠ | ᠪᠠᠷᠢᠮᠵᠢᠶᠠᠵᠢᠭᠤᠯᠤᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠬᠠᠮᠢᠶᠠᠷᠬᠤ ᠶᠢ ᠬᠠᠷᠢᠭᠤᠴᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ | ᠤᠷᠢᠲᠠᠯ ᠳᠣᠣᠷ᠎ᠠ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠴᠠᠭ ᠠᠭᠤᠷ ᠤᠨ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ᠂ ᠥᠨᠳᠥᠷ | ᠪᠦᠲᠦᠮᠵᠢᠲᠡᠶ ᠠᠰᠢᠭᠯᠠᠬᠤ ᠪᠠ ᠨᠡᠭᠡᠭᠡᠯᠲᠡ ᠬᠢᠵᠦ ᠬᠠᠮᠲᠤᠪᠠᠷ ᠭᠥᠷᠳᠡᠬᠦ ᠶᠢ ᠰᠦᠪᠡᠭᠴᠢᠯᠡᠨ ᠪᠠᠶᠢᠭᠤᠯᠤᠨ᠎ᠠ᠃ ᠡᠯ᠎ᠡ ᠨᠢᠭᠡᠴᠢ ᠨᠦᠭᠦᠳ ᠨᠢᠭᠤᠴᠠ ᠶᠢ ᠬᠠᠮᠠᠭᠠᠯᠠᠬᠤ᠂ | ᠡᠷᠬᠡ ᠠᠰᠢᠭ ᠢᠶᠠᠨ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ ᠴᠠᠭ ᠠᠭᠤᠷ ᠤᠨ ᠬᠠᠶᠢᠨ ᠬᠡᠮᠵᠢᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠮᠤᠷ | ᠲᠦᠪᠰᠢᠨ ᠤ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠮᠡᠳᠡᠭᠡ ᠵᠠᠩᠭᠢ ᠳᠠᠮᠵᠢᠭᠤᠯᠬᠤ ᠶᠠᠰᠤ ᠴᠢᠨᠠᠷ ᠪᠠ ᠬᠦᠴᠦᠨ ᠲᠠᠢ | ᠬᠤᠭᠤᠴᠠᠭ᠎ᠠ ᠶᠢ ᠦᠨᠡᠨ ᠬᠦ ᠪᠠᠲᠤᠯᠠᠨ᠎ᠠ᠃ | ︵ᠭᠤᠷᠪᠠ︶ ᠲᠤᠭ᠎ᠠ ᠪᠠᠷᠢᠮᠲᠠ ᠶᠢᠨ ᠰᠤᠳᠤᠯᠭᠠᠨ ᠤ ᠲᠣᠭᠲᠠᠴᠠ ᠶᠢ ᠪᠠᠶᠢᠭᠤᠯᠤᠨ᠎ᠠ᠃ | ᠡᠯ᠎ᠡ ᠨᠢᠭᠡᠴᠢ ᠨᠦᠭᠦᠳ ᠲᠧᠭᠨᠢᠭ ᠮᠡᠷᠭᠡᠵᠢᠯ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠤᠰᠬᠠᠢ ᠮᠡᠷᠭᠡᠵᠢᠯ ᠤᠨ ᠴᠠᠭ | ᠠᠭᠤᠷ ᠤᠨ ᠰᠤᠳᠤᠯᠤᠯ ᠪᠣᠯᠣᠨ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠬᠠᠮᠲᠤᠷᠠᠨ ᠥᠷᠨᠢᠭᠦᠯᠵᠦ᠂ ᠴᠠᠭ ᠠᠭᠤᠷ ᠤᠨ ᠮᠡᠳᠡᠭᠡ ᠵᠠᠩᠭᠢ ᠶᠢᠨ ᠠᠰᠢᠭ ᠢ | ᠬᠦᠭᠡᠭᠡᠴᠡᠯᠳᠦᠵᠦ ᠬᠤᠣᠷ ᠬᠥᠨᠥᠭᠡᠯ ᠠᠴᠠ ᠵᠠᠶᠢᠯᠠᠰᠬᠢᠬᠦ ᠦᠢᠯᠡᠳᠦᠯ ᠢ ᠲᠡᠰᠦᠷᠡᠯᠳᠠ ᠦᠭᠡᠢ ᠪᠠᠳᠠᠷᠠᠭᠤᠯᠤᠨ᠎ᠠ᠃ ᠠᠵᠤ ᠠᠬᠤᠢ ᠨᠡᠶᠢᠭᠡᠮ᠂ ᠠᠮᠢ ᠠᠬᠤᠢ ᠶᠢᠨ ᠣᠷᠴᠢᠨ | ᠲᠣᠭᠤᠷᠢᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠬᠥᠳᠡᠭᠡ ᠲᠣᠰᠬᠤᠨ ᠵᠡᠷᠭᠡ ᠶᠢᠨ ᠲᠤᠭ᠎ᠠ ᠪᠠᠷᠢᠮᠲᠠ ᠬᠢᠭᠡᠳ ᠴᠠᠭ ᠠᠭᠤᠷ ᠤᠨ ᠲᠤᠭ᠎ᠠ ᠪᠠᠷᠢᠮᠲᠠ ᠶᠢ | ᠠᠭᠤᠰᠤᠯᠴᠠᠭᠤᠯᠤᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠵᠦ᠂ ᠴᠠᠭ ᠠᠭᠤᠷ ᠬᠢᠭᠡᠳ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠨ | ᠠᠭᠤᠰᠤᠯᠴᠠᠬᠤ ᠶᠢ ᠠᠬᠢᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ ᠪᠠ ᠠᠵᠤ ᠦᠢᠯᠡᠰ ᠤᠨ ᠠᠭᠤᠷ ᠠᠮᠢᠰᠬᠤᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ | ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠬᠠᠮᠲᠤᠪᠠᠷ ᠳᠡᠭᠡᠭᠰᠢᠯᠡᠭᠦᠯᠦᠨ᠎ᠡ᠃ | ︵ᠳᠥᠷᠪᠡ︶ ᠬᠤᠯᠪᠤᠭᠠᠯᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ | ᠴᠠᠭ ᠠᠭᠤᠷ ᠤᠨ ᠰᠠᠯᠠᠭ᠎ᠠ ᠮᠥᠴᠢᠷ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠬᠢ ᠪᠠᠨ ᠦᠨᠡᠨᠬᠦ ᠭᠦᠢᠴᠡᠳᠬᠡᠵᠦ᠂ ᠰᠠᠯᠠᠭ᠎ᠠ ᠮᠥᠴᠢᠷ ᠤᠨ | ᠬᠠᠮᠲᠤᠷᠠᠨ ᠬᠥᠳᠡᠯᠦᠯᠴᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠂ ᠵᠣᠬᠢᠴᠠᠭᠤᠯᠤᠨ ᠬᠤᠯᠪᠤᠭ᠎ᠠ ᠠᠪᠬᠤ ᠲᠣᠭᠲᠠᠴᠠ ᠪᠣᠯᠣᠨ ᠪᠠᠶᠢᠳᠠᠯ ᠢ | ᠮᠡᠳᠡᠭᠳᠡᠬᠦ ᠲᠣᠭᠲᠠᠴᠠ ᠶᠢ ᠲᠦᠷᠦᠭᠦᠯᠡᠨ ᠪᠠᠶᠢᠭᠤᠯᠵᠤ᠂ ᠪᠣᠳᠠᠲᠠᠢ ᠵᠦᠢᠯᠡᠰ ᠢ ᠰᠤᠳᠤᠯᠤᠨ ᠵᠥᠪᠳᠡᠯᠴᠡᠬᠦ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ | ᠴᠠᠭ ᠠᠭᠤᠷ ᠤᠨ ᠠᠵᠢᠭᠯᠠᠯᠲᠠ ᠶᠢᠨ ᠪᠡᠯᠡᠳᠬᠡᠮᠵᠢ ᠶᠢᠨ ᠣᠳᠣᠬᠢ ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠷ | ᠲᠤᠲᠤᠮ ᠤᠨ ᠰᠢᠮᠳᠠᠭᠤᠯᠤᠨ ᠭᠦᠢᠴᠡᠳᠬᠡᠬᠦ ᠪᠠ ᠪᠠᠶᠢᠴᠠᠭᠠᠬᠤ ᠶᠢ ᠴᠢᠩᠭᠠᠷᠠᠭᠤᠯᠤᠨ᠂ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠨᠥᠯᠥᠭᠡᠯᠡᠬᠦ᠂ | ᠴᠠᠭ ᠠᠭᠤᠷ ᠤᠨ ᠬᠠᠶᠢᠨ ᠬᠡᠮᠵᠢᠯᠲᠡ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠥᠷᠨᠢᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠠᠵᠢᠯᠯᠠᠭ᠎ᠠ ᠶᠢᠨ ᠵᠢᠷᠤᠮᠵᠢᠭᠰᠠᠨ ᠶᠠᠪᠤᠭᠳᠠᠯ ᠢ ᠪᠦᠬᠦ ᠲᠠᠯ᠎ᠠ ᠪᠠᠷ | ᠠᠬᠢᠭᠤᠯᠤᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ | ᠠᠳᠬᠤᠨ᠎ᠠ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠡᠯ᠎ᠡ ᠨᠢᠭᠡᠴᠢ ᠶᠢᠨ ᠬᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠦᠵᠡᠯᠲᠡ᠂ ᠶᠡᠭᠡ ᠲᠠᠯ᠎ᠠ ᠶᠢᠨ ᠦᠵᠡᠯᠲᠡ ᠶᠢ ᠪᠠᠲᠤ ᠪᠤᠶ | ᠪᠣᠯᠭᠠᠵᠤ᠂ ᠶᠡᠷᠦᠩᠬᠡᠶᠢᠯᠡᠭᠰᠡᠨ ᠴᠠᠭ ᠠᠭᠤᠷ ᠤᠨ ᠠᠵᠢᠭᠯᠠᠨ ᠬᠡᠮᠵᠢᠬᠦ ᠥᠷᠳᠡᠭᠡ ᠲᠣᠣᠷ ᠢ ᠨᠢᠭᠡᠳᠦᠯᠲᠡᠢ ᠲᠥᠯᠥᠪᠵᠢᠭᠦᠯᠬᠦ ᠪᠠ ᠪᠦᠲᠦᠭᠡᠨ ᠪᠠᠶᠢᠭᠤᠯᠬᠤ ᠶᠢᠨ ᠴᠢᠬᠤᠯᠠ | ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠠᠵᠢᠯ ᠤᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠶᠢ ᠲᠣᠳᠣᠷᠬᠠᠶᠢᠯᠠᠨ᠂ ᠴᠠᠭ ᠠᠭᠤᠷ ᠢ ᠬᠠᠶᠢᠨ ᠬᠡᠮᠵᠢᠬᠦ ᠪᠡᠯᠡᠳᠬᠡᠮᠵᠢ ᠶᠢᠨ ᠰᠠᠭᠤᠷᠢ | ᠲᠤᠭ᠎ᠠ ᠶᠢ ᠲᠣᠳᠣᠷᠬᠠᠢ ᠣᠶᠢᠯᠠᠭᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠬᠤᠶᠠᠷ︶ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ | ᠡᠯ᠎ᠡ ᠨᠢᠭᠡᠴᠢ ᠶᠢᠨ ᠬᠢᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠠᠷᠢᠯᠴᠠᠨ ᠨᠡᠪᠲᠡᠷᠡᠯᠴᠡᠵᠦ᠂ ᠨᠢᠭᠲᠠ ᠬᠠᠮᠵᠢᠯᠴᠠᠨ᠂ ᠰᠠᠯᠠᠭ᠎ᠠ ᠮᠥᠴᠢᠷ ᠠᠯᠤᠰᠯᠠᠨ | ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠭᠤᠣᠯᠳᠠᠯᠭ᠎ᠠ ᠲᠠᠢ᠂ ᠪᠡᠷᠬᠡᠲᠡᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠦᠬᠦ ᠬᠤᠳᠠ ᠶᠢᠨ ᠴᠠᠭ | ᠠᠭᠤᠷ ᠤᠨ ᠬᠠᠶᠢᠨ ᠬᠡᠮᠵᠢᠯᠲᠡ ᠶᠢᠨ ᠲᠥᠬᠦᠭᠡᠷᠦᠮᠵᠢ ᠶᠢᠨ ᠨᠢᠭᠡᠳᠦᠯᠲᠡᠢ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠦᠴᠦ ᠪᠠᠨ | ᠬᠠᠮᠲᠤᠳᠬᠠᠨ ᠴᠢᠩᠭᠠᠳᠬᠠᠵᠤ᠂ ᠨᠡᠶᠢᠭᠡᠮ ᠤᠨ ᠴᠠᠭ ᠠᠭᠤᠷ ᠤᠨ ᠠᠵᠢᠭᠯᠠᠯᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠬᠡᠷᠡᠭᠯᠡᠯᠲᠡ ᠶᠢ | ᠲᠦᠯᠬᠢᠨ ᠠᠬᠢᠭᠤᠯᠵᠤ᠂ ᠦᠢᠯᠡᠴᠢᠯᠡᠭᠡᠨ ᠤ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠠᠯᠬᠤᠮ ᠴᠢᠨᠠᠭᠰᠢᠳᠠ | ᠳᠡᠭᠡᠭᠰᠢᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠨ᠎ᠠ᠃ | |