︽ᠬᠥᠯᠥᠨ ᠪᠤᠶᠢᠷ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ 2024 ᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠲᠥᠯᠥᠪᠯᠡᠭᠡ︾ ᠶᠢ ᠵᠥᠪᠰᠢᠶᠡᠷᠡᠬᠦ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/5/1
ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠳᠤ᠄            ᠲᠠᠨ ᠤ ᠲᠣᠪᠴᠢᠶ᠎ᠠ ᠶᠢᠨ ︽︿ᠬᠥᠯᠥᠨ ᠪᠤᠶᠢᠷ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ 2024 ᠣᠨ ᠤ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠲᠥᠯᠥᠪᠯᠡᠭᠡ﹀ ᠶᠢ ᠬᠢᠨᠠᠨ ᠵᠥᠪᠰᠢᠶᠡᠷᠡᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠪᠠᠴᠢᠮ ᠪᠠᠶᠢᠳᠠᠯ ᠢ ᠠᠷᠭᠠᠴᠠᠬᠤ ᠥᠰᠥᠭ ︹2024︺ 50 ᠳ᠋ᠤᠭᠠᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠲᠠᠮᠵᠢᠨ ᠲᠠᠨ ᠤ ᠲᠣᠪᠴᠢᠶ᠎ᠠ ᠶᠢᠨ 2024 ᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠲᠥᠯᠥᠪᠯᠡᠭᠡ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠠᠨ ᠤ ᠲᠣᠪᠴᠢᠶ᠎ᠠ ᠲᠣᠰ ᠲᠥᠯᠥᠪᠯᠡᠭᠡ ᠶᠢ ᠬᠠᠤᠯᠢ ᠶᠣᠰᠣᠭᠠᠷ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠪᠠᠭᠠᠰᠬᠠᠳᠤᠭᠠᠢ᠃         ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠪᠠ᠃                                                              2024 ᠣᠨ ᠤ 4 ᠰᠠᠷ᠎ᠠ ᠶᠢᠨ 5 ᠤ ᠡᠳᠦᠷ         ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ