ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠨᠢᠭᠡᠳᠦᠭᠡᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ 7 ᠰᠠᠷ᠎ᠠ ᠶᠢᠨ 25 ᠤ ᠦᠳᠡ ᠶᠢᠨ ᠬᠤᠶᠢᠨ᠎ᠠ | ᠲᠡᠭᠦᠰᠪᠡ᠃ | | | | | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠪᠦᠷᠢᠯᠳᠦᠭᠦᠨ ᠣᠲᠣ 72 ᠬᠥᠮᠥᠨ ᠪᠤᠶ᠂ ᠲᠣᠰ ᠤᠳᠠᠭ᠎ᠠ ᠶᠢᠨ ᠬᠤᠷᠠᠯ ᠳᠤ 63 ᠬᠥᠮᠥᠨ ᠤᠷᠤᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ | ᠲᠤᠭ᠎ᠠ ᠳᠤ ᠨᠡᠶᠢᠴᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠨᠠᠷᠢᠨ ᠪᠢᠴᠢᠭ ᠤᠨ | ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠦᠨᠡᠨᠴᠢ ᠢᠲᠡᠭᠡᠮᠵᠢ ᠶᠢᠨ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠬᠥᠷᠥᠰᠥ ᠶᠢ ᠬᠠᠮᠠᠭᠠᠯᠠᠬᠤ ᠳᠦᠷᠢᠮ ︵ᠵᠠᠰᠠᠪᠤᠷᠢ ᠣᠷᠣᠭᠤᠯᠤᠭᠰᠠᠨ︶︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ﹀ ᠶᠢ | ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ︶︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠳᠦᠷᠢᠮ ︵ᠵᠠᠰᠠᠪᠤᠷᠢ ᠣᠷᠣᠭᠤᠯᠤᠭᠰᠠᠨ︶︾ | ᠢ ᠪᠠᠲᠤᠯᠠᠯᠲᠠ ᠬᠢᠵᠦ ᠪᠠᠲᠤᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠭᠦᠭᠡᠬᠤᠲᠠ ᠶᠢᠨ | ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠭᠦᠭᠡᠬᠤᠲᠠ ᠶᠢᠨ ᠭᠤᠣᠯ | ᠬᠤᠲᠠ ᠶᠢᠨ ᠲᠣᠭᠤᠷᠢᠭ ᠤᠨ ᠬᠤᠲᠠ ᠲᠣᠭᠤᠷᠢᠭᠰᠠᠨ ᠤᠰᠤᠨ ᠤ ᠪᠦᠰᠡ ᠶᠢ ᠬᠠᠮᠠᠭᠠᠯᠠᠬᠤ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽︿ᠪᠤᠭᠤᠲᠤ | ᠬᠤᠲᠠ ᠶᠢᠨ ᠤᠰᠤ ᠬᠥᠷᠥᠰᠥ ᠶᠢ ᠬᠠᠮᠠᠭᠠᠯᠠᠬᠤ ᠳᠦᠷᠢᠮ﹀ ᠵᠡᠷᠭᠡ ᠣᠷᠣᠨ ᠨᠤᠲᠤᠭ ᠤᠨ ᠴᠢᠨᠠᠷᠲᠠᠢ 3 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ | ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ᠂ | ︽ᠬᠥᠯᠥᠨ ᠪᠤᠶᠢᠷ ᠬᠤᠲᠠ ᠶᠢᠨ ᠪᠣᠯᠪᠠᠰᠤᠨ ᠲᠠᠭᠢᠯᠭ᠎ᠠ ᠶᠢᠨ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠲᠦᠩᠯᠢᠶᠣᠣ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤᠨ ᠤ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠤᠯᠠᠭᠠᠨᠬᠠᠳᠠ | ᠬᠤᠲᠠ ᠶᠢᠨ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽ᠤᠯᠠᠭᠠᠨᠬᠠᠳᠠ ᠬᠤᠲᠠ ᠶᠢᠨ | ᠬᠡᠭᠡᠷ᠎ᠡ ᠭᠠᠳᠠᠨᠠᠬᠢ ᠶᠢᠨ ᠭᠠᠯ ᠰᠡᠷᠭᠡᠶᠢᠯᠡᠬᠦ ᠳᠦᠷᠢᠮ︾ ᠢ ᠵᠥᠪᠰᠢᠶᠡᠷᠡᠬᠦ ᠲᠤᠬᠠᠢ ᠰᠢᠢᠳᠪᠦᠷᠢ᠂ ︽︿ᠤᠯᠠᠭᠠᠨᠴᠠᠪ ᠬᠤᠲᠠ ᠶᠢᠨ ᠭᠦᠶ᠋ᠲᠡᠨᠰᠢᠯᠢ ᠶᠢᠨ ᠨᠤᠲᠤᠭ | ᠪᠡᠯᠴᠢᠭᠡᠷ ᠢ ᠬᠠᠮᠠᠭᠠᠯᠠᠬᠤ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ᠂ ︽︿ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ | ᠬᠠᠮᠢᠶᠠᠷᠤᠯᠲᠠ ᠶᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ᠂ ︽︿ᠣᠷᠳᠣᠰ ᠬᠤᠲᠠ ᠶᠢᠨ ᠪᠣᠯᠪᠠᠰᠤᠨ ᠠᠵᠢᠯᠯᠠᠭ᠎ᠠ ᠶᠢ ᠠᠬᠢᠭᠤᠯᠬᠤ ᠳᠦᠷᠢᠮ﹀ | ᠵᠡᠷᠭᠡ ᠣᠷᠣᠨ ᠨᠤᠲᠤᠭ ᠤᠨ ᠴᠢᠨᠠᠷᠲᠠᠢ 5 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠵᠥᠪᠰᠢᠶᠡᠷᠡᠬᠦ ᠲᠤᠬᠠᠢ ᠰᠢᠢᠳᠪᠦᠷᠢ ᠶᠢ ᠪᠠᠲᠤᠯᠠᠯᠲᠠ ᠬᠢᠵᠦ ᠪᠠᠲᠤᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠵᠥᠪᠰᠢᠶᠡᠷᠡᠬᠦ ᠲᠤᠬᠠᠢ ᠰᠢᠢᠳᠪᠦᠷᠢ᠂ 2024 ᠣᠨ ᠤ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠢ ᠵᠥᠪᠰᠢᠶᠡᠷᠡᠬᠦ ᠲᠤᠬᠠᠢ ᠰᠢᠢᠳᠪᠦᠷᠢ ᠶᠢ ᠪᠠᠲᠤᠯᠠᠯᠲᠠ ᠬᠢᠵᠦ | ᠪᠠᠲᠤᠯᠠᠪᠠ᠃ | ᠬᠤᠷᠠᠯ ᠠᠴᠠ ︽ᠪᠠᠢ ᠴᠢᠩ ᠶᠤᠸᠠᠨ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠠᠴᠠ ᠪᠠᠨ ᠪᠠᠭᠤᠬᠤ | ᠭᠤᠶᠤᠴᠢᠯᠠᠯ ᠢ ᠭᠥᠯᠢᠶᠡᠨ ᠠᠪᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠪᠠᠲᠤᠯᠠᠯᠲᠠ ᠬᠢᠵᠦ ᠪᠠᠲᠤᠯᠠᠪᠠ᠃ | ᠬᠤᠷᠠᠯ ᠠᠴᠠ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ | ᠵᠥᠪᠯᠡᠯ ᠤᠨ ᠮᠡᠳᠡᠭᠦᠯᠦᠯᠲᠡ ᠶᠢ ᠪᠠᠲᠤᠯᠠᠯᠲᠠ ᠬᠢᠵᠦ ᠪᠠᠲᠤᠯᠠᠪᠠ᠃ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠲᠤᠯᠠᠯᠲᠠ ᠬᠢᠵᠦ ᠪᠠᠲᠤᠯᠠᠵᠤ᠂ | ᠰᠦᠨ ᠵᠢᠶᠦ᠋ᠨ ᠴᠢᠩ ᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠪᠠ᠃ | ᠰᠦᠨ ᠱᠤᠤ ᠴᠧᠩ ᠠᠴᠠ ᠰᠦᠨ ᠵᠢᠶᠦ᠋ᠨ ᠴᠢᠩ ᠵᠡᠷᠭᠡ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ | ᠭᠠᠷᠳᠠᠭᠤᠯᠪᠠ᠃ | ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠵᠤ᠂ ᠰᠦᠨ ᠵᠢᠶᠦ᠋ᠨ ᠴᠢᠩ ᠳᠠᠭᠠᠭᠤᠯᠤᠨ | ᠲᠠᠩᠭᠠᠷᠢᠭᠯᠠᠭᠰᠠᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠵᠡᠢ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠬᠤᠯᠪᠣᠭᠳᠠᠬᠤ ᠬᠠᠮᠢᠶ᠎ᠠ ᠪᠦᠬᠦᠢ ᠥᠭᠡᠷᠡᠴᠢᠯᠡᠯᠲᠡ ᠶᠢᠨ ᠵᠦᠢᠯᠡᠰ ᠢ ᠨᠠᠷᠢᠨ ᠬᠢᠨᠠᠮᠠᠭᠠᠢ ᠡᠮᠬᠢᠯᠡᠵᠦ᠂ ᠰᠢᠰᠲ᠋ᠧᠮᠲᠦ ᠴᠢᠨᠠᠷᠲᠠᠢ ᠲᠥᠯᠦᠪᠵᠢᠭᠦᠯᠭᠡ᠂ ᠪᠦᠬᠦᠯᠢ | ᠴᠣᠭᠴᠠ ᠶᠢᠨ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠪᠣᠳᠠᠲᠠᠢ ᠪᠦᠲᠦᠮᠵᠢᠳᠡᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠡᠯ᠎ᠡ ᠬᠦᠷᠢᠶᠡᠨ ᠤ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ | ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠤᠯᠭᠠᠬᠤ ᠠᠵᠢᠯ ᠢ ᠰᠠᠶᠢᠲᠤᠷ ᠬᠢᠵᠦ᠂ ᠨᠠᠩ ᠲᠡᠭᠦᠯᠳᠡᠷᠵᠢᠭᠰᠡᠨ ᠬᠠᠤᠯᠢᠵᠢᠯ ᠢᠶᠠᠷ | ᠳᠠᠮᠵᠢᠭᠤᠯᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ | ᠲᠠᠯᠪᠢᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠡᠯ᠎ᠡ ᠭᠠᠵᠠᠷ ᠪᠣᠯᠣᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ︽ᠵᠢᠷᠭᠤᠭᠠᠨ ᠢᠨᠵᠧᠨᠧᠷᠢᠩ︾ ᠢ ᠲᠦᠷᠭᠡᠨ ᠬᠡᠷᠡᠭᠵᠢᠭᠦᠯᠬᠦ ᠶᠢ ᠱᠠᠯᠠᠪᠳᠠᠵᠤ᠂ ᠬᠤᠶᠠᠷ ᠶᠡᠭᠡ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠨᠠᠩ ᠣᠯᠠᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠲᠣᠭᠲᠠᠴᠠ ᠶᠢ | ᠰᠠᠶᠢᠲᠤᠷ ᠬᠡᠷᠡᠭᠯᠡᠵᠦ᠂ ᠡᠯ᠎ᠡ ᠲᠥᠷᠥᠯ ᠤᠨ ᠰᠠᠨᠠᠯ ᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠥᠷᠭᠡᠨ ᠣᠯᠠᠨ ᠲᠥᠯᠥᠭᠡᠯᠡᠭᠴᠢᠳ ᠤᠨ ᠥᠪᠡᠷᠲᠡᠭᠡᠨ ᠵᠠᠰᠠᠬᠤ | ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠬᠤᠯᠪᠣᠭᠳᠠᠬᠤ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠬᠦ ᠶᠢ ᠬᠥᠲᠥᠯᠥᠨ | ᠵᠢᠯᠤᠭᠤᠳᠴᠤ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠢᠳᠡᠪᠬᠢᠲᠡᠢ ᠪᠠᠷ | ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ᠃ ᠲᠥᠯᠥᠭᠡᠯᠡᠭᠴᠢᠳ ᠤᠨ ᠲᠤᠰᠬᠠᠭᠰᠠᠨ ᠰᠠᠨᠠᠭᠤᠯᠭ᠎ᠠ ᠶᠢ ᠴᠤᠭᠯᠠᠭᠤᠯᠬᠤ᠂ ᠰᠢᠢᠳᠪᠦᠷᠢᠯᠡᠬᠦ ᠪᠠ | ᠬᠠᠷᠢᠭᠤ ᠲᠤᠰᠬᠠᠬᠤ ᠪᠦᠭᠦ ᠬᠡᠯᠬᠢᠶᠡᠨ ᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠬᠤᠯᠪᠣᠭᠳᠠᠯ ᠪᠦᠬᠦᠢ | ᠲᠠᠯ᠎ᠠ ᠶᠢᠨ ᠬᠢᠨ ᠢ ᠱᠠᠯᠠᠪᠳᠠᠵᠤ ᠪᠠᠶᠢᠭᠠᠳ ᠲᠦᠷᠭᠡᠨ ᠢᠶᠠᠷ ᠰᠢᠢᠳᠪᠦᠷᠢᠯᠡᠭᠦᠯᠬᠦ ᠮᠥᠷᠲᠡᠭᠡᠨ ᠪᠠᠰᠠ ᠲᠥᠯᠥᠭᠡᠯᠡᠭᠴᠢᠳ ᠲᠤ ᠰᠠᠶᠢᠲᠤᠷ ᠬᠠᠷᠢᠭᠤ ᠲᠤᠰᠬᠠᠵᠤ᠂ | ᠰᠠᠨᠠᠭᠤᠯᠭ᠎ᠠ ᠶᠢ ᠰᠢᠢᠳᠪᠦᠷᠢᠯᠡᠭᠰᠡᠨ ᠨᠢ ᠲᠥᠯᠥᠭᠡᠯᠡᠭᠴᠢᠳ ᠲᠤ ᠬᠠᠨᠤᠮᠵᠢᠲᠠᠢ᠂ ᠤᠯᠠᠨ ᠲᠦᠮᠡᠨ ᠳᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ | ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ | ᠲᠣᠭᠤᠷᠢᠭ ᠪᠠᠶᠢᠭᠤᠯᠤᠭᠰᠠᠨ ᠬᠤᠳᠠ᠂ ᠮᠠᠨᠵᠤᠤᠷ ᠬᠤᠳᠠ᠂ ᠡᠷᠢᠶᠡᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ | |