2023 ᠣᠨ ᠳᠤ᠂ ᠷᠠᠰᠢᠶᠠᠨ ᠬᠤᠲᠠ 536.71 ᠲᠦᠮᠡᠨ ᠬᠥᠮᠥᠨ ᠤᠳᠠᠭ᠎ᠠ ᠶᠢᠨ ᠵᠢᠭᠤᠯᠴᠢᠯᠠᠭᠴᠢ ᠶᠢ ᠭᠥᠯᠢᠶᠡᠨ ᠠᠪᠴᠤ᠂ ᠵᠢᠭᠤᠯᠴᠢᠯᠠᠯ ᠤᠨ | ᠣᠷᠣᠯᠭ᠎ᠠ 67.09 ᠳ᠋ᠦᠩᠰᠢᠭᠤᠷ ᠲᠥᠭᠦᠷᠢᠭ ᠲᠤ ᠬᠦᠷᠴᠦ᠂ ᠵᠢᠭᠤᠯᠴᠢᠯᠠᠭᠴᠢ ᠨᠢ 2014 ᠣᠨ ᠤ ᠬᠢ ᠠᠴᠠ 171.25% ᠪᠠᠷ ᠨᠡᠮᠡᠭᠳᠡᠵᠦ᠂ ᠣᠷᠣᠯᠭ᠎ᠠ ᠨᠢ | 2014 ᠣᠨ ᠤ ᠬᠢ ᠠᠴᠠ 158.13% ᠪᠠᠷ ᠨᠡᠮᠡᠭᠳᠡᠵᠡᠢ᠃ | ︽ᠤᠳᠤ ᠷᠠᠰᠢᠶᠠᠨ ᠤ ᠵᠢᠭᠤᠯᠴᠢᠯᠠᠯ ᠬᠥᠭᠵᠢᠶᠡᠨᠲᠡᠢ ᠪᠣᠯᠵᠤ᠂ ᠡᠯ᠎ᠡ ᠭᠠᠵᠠᠷ ᠤᠨ ᠵᠢᠭᠤᠯᠴᠢᠯᠠᠬᠰᠠᠳ ᠤᠯᠠᠮ ᠠᠴᠠ ᠤᠯᠠᠮ ᠣᠯᠠᠰᠢᠷᠠᠵᠤ᠂ ᠮᠢᠨᠤ ᠡᠨᠡᠬᠦ | ᠵᠢᠵᠢᠭ ᠬᠤᠭᠤᠯᠠᠨ ᠭᠡᠷ ᠤᠨ ᠣᠷᠣᠯᠭ᠎ᠠ ᠴᠤ ᠵᠢᠯ ᠠᠴᠠ ᠵᠢᠯ ᠨᠡᠮᠡᠭᠳᠡᠵᠦ ᠪᠠᠶᠢᠨ᠎ᠠ︾ ᠭᠡᠵᠦ ᠷᠠᠰᠢᠶᠠᠨ ᠬᠤᠳᠠ ᠳᠤ ᠬᠠᠯᠠᠭᠤᠨ ᠲᠣᠭᠤᠭᠠᠨ ᠬᠤᠭᠤᠯᠠᠨ ᠭᠡᠷ ᠡᠵᠡᠩᠨᠡᠵᠦ | ᠪᠠᠶᠢᠭ᠎ᠠ ᠶᠤᠸᠠᠨ ᠬᠤᠩ ᠶᠠᠨ ᠡᠷ᠎ᠡ ᠡᠮ᠎ᠡ ᠬᠤᠶᠠᠭᠤᠯᠠ ᠪᠠᠶᠠᠷᠯᠠᠵᠤ ᠪᠠᠶᠢᠯ᠎ᠠ᠃ ᠣᠶᠢᠷ᠎ᠠ ᠶᠢᠨ ᠵᠢᠯ ᠳᠤ᠂ ᠷᠠᠰᠢᠶᠠᠨ ᠬᠤᠲᠠ ᠵᠠᠬ᠎ᠠ ᠳᠡᠯᠭᠡᠭᠦᠷ ᠤᠨ ᠡᠵᠡᠩᠨᠡᠯᠲᠡ ᠶᠢᠨ | ᠭᠡᠯᠪᠡᠷᠢ ᠶᠢ ᠨᠡᠮᠡᠭᠳᠡᠭᠦᠯᠬᠦ᠂ ᠬᠡᠷᠡᠭᠯᠡᠭᠡ ᠶᠢ ᠠᠬᠢᠭᠤᠯᠬᠤ ᠶᠢᠨ ᠲᠣᠭᠤᠷᠢᠨ ᠳᠤ ᠵᠢᠭᠤᠯᠴᠢᠯᠠᠯ ᠤᠨ ᠪᠦᠲᠦᠭᠡᠭᠳᠡᠬᠦᠨ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ 34. | 95 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 85 ᠭᠤᠣᠯᠳᠠᠯᠭ᠎ᠠ ᠲᠠᠢ ᠲᠥᠷᠥᠯ ᠵᠦᠢᠯ ᠢ ᠵᠠᠯᠭᠠᠭ᠎ᠠ ᠪᠠᠷ ᠬᠡᠷᠡᠭᠵᠢᠭᠦᠯᠵᠦ᠂ ᠪᠦᠭᠦ ᠣᠷᠣᠨ ᠪᠦᠰᠡ᠂ | ᠪᠦᠭᠦ ᠤᠯᠠᠷᠢᠯ ᠤᠨ᠂ ᠳᠡᠰ ᠳᠡᠪᠰᠢᠭᠰᠡᠨ ᠵᠢᠭᠤᠯᠴᠢᠯᠠᠯ ᠤᠨ ᠦᠢᠯᠡᠰ ᠢ ᠬᠥᠭᠵᠢᠭᠦᠯᠪᠡ᠃ | ᠣᠳᠣᠬᠠᠨ ᠤ ᠷᠠᠰᠢᠶᠠᠨ ᠬᠤᠳᠠ ︽ᠨᠢᠭᠡ ᠬᠤᠲᠠ ᠪᠠᠷ ᠬᠥᠲᠥᠯᠥᠨ ᠳᠠᠭᠠᠭᠤᠯᠵᠤ᠂ ᠲᠠᠪᠤᠨ ᠲᠣᠭᠤᠷᠢᠭ ᠢᠶᠠᠷ ᠲᠤᠯᠭᠠᠭᠤᠷᠢᠯᠠᠭᠤᠯᠬᠤ︾ ᠪᠦᠭᠦ ᠣᠷᠣᠨ | ᠪᠦᠰᠡ ᠶᠢᠨ ᠵᠢᠭᠤᠯᠴᠢᠯᠠᠯ ᠢ ᠪᠦᠭᠦ ᠲᠠᠯ᠎ᠠ ᠪᠠᠷ ᠰᠢᠯᠢᠳᠡᠭᠵᠢᠭᠦᠯᠵᠦ᠂ ᠵᠢᠷᠭᠤᠭᠠᠨ ᠲᠣᠮᠣ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠶᠢᠨ ᠡᠷᠡᠭᠦᠯᠵᠢᠯ ᠰᠤᠪᠢᠯᠠᠯᠲᠠ ᠪᠠ ᠰᠡᠯᠡᠭᠦᠴᠡᠯ ᠠᠮᠠᠷᠠᠯᠲᠠ ᠶᠢᠨ | ᠴᠢᠳᠠᠮᠵᠢ ᠶᠢ ᠨᠠᠩ ᠲᠡᠭᠦᠯᠳᠡᠷᠵᠢᠭᠦᠯᠵᠦ᠂ ᠰᠥᠨᠢ ᠶᠢᠨ ᠠᠵᠤ ᠠᠬᠤᠢ ᠪᠠ ᠡᠪᠦᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ | ᠪᠠᠳᠠᠷᠠᠭᠤᠯᠤᠨ᠂ ᠵᠢᠭᠤᠯᠴᠢᠯᠠᠯ ᠤᠨ ᠦᠢᠯᠡᠴᠢᠯᠡᠭᠡᠨ ᠤ ᠲᠥᠬᠦᠭᠡᠷᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠠᠵᠤ | ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠢᠯᠡᠳᠲᠡ ᠴᠢᠩᠭᠠᠳᠬᠠᠨ᠂ ᠵᠢᠭᠤᠯᠴᠢᠯᠠᠯ ᠤᠨ ᠭᠤᠣᠯᠯᠠᠬᠤ ᠠᠵᠤ ᠦᠢᠯᠡᠰ ᠤᠨ ᠪᠠᠶᠢᠷᠢ ᠰᠠᠭᠤᠷᠢ ᠶᠢ ᠨᠠᠩ | ᠲᠣᠪᠤᠶᠢᠯᠭᠠᠬᠰᠠᠨ ᠪᠠᠶᠢᠨ᠎ᠠ᠃ | ᠷᠠᠰᠢᠶᠠᠨ ᠬᠤᠳᠠ ᠲᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠲᠡᠷᠢᠭᠦᠨ ᠴᠢᠬᠤᠯᠠ ᠢᠨᠵᠧᠨᠧᠷᠢᠩ ᠪᠣᠯᠭᠠᠨ | ᠠᠳᠬᠤᠵᠤ᠂ ᠨᠡᠶᠢᠳᠡ 48.75 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 2019 ᠣᠨ ᠪᠤᠯᠲᠠᠯ᠎ᠠ ᠪᠤᠢ ᠪᠦᠬᠦᠢ ᠲᠦᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠪᠦᠭᠦᠨ ᠢᠶᠠᠷ ᠢᠶᠠᠨ ᠠᠰᠠᠷ ᠲᠤ ᠨᠡᠭᠦᠵᠦ᠂ 3 ᠲᠦᠮᠡᠨ ᠬᠥᠮᠥᠨ ᠤ ᠨᠤᠷᠠᠬᠤ ᠠᠶᠤᠯᠲᠠᠢ ᠣᠷᠣᠨ | ᠰᠠᠭᠤᠴᠠ ᠳᠤ ᠠᠮᠢᠳᠤᠷᠠᠵᠤ ᠪᠠᠶᠢᠭᠰᠠᠨ ᠠᠴᠠ ᠪᠠᠨ ᠳᠤᠯᠠᠭᠠᠨ ᠲᠠᠭᠠᠯᠠᠮᠵᠢᠲᠠᠢ ᠣᠷᠣᠨ ᠰᠠᠭᠤᠴᠠ ᠳᠤ ᠰᠠᠭᠤᠬᠤ ᠬᠦᠰᠡᠯ ᠨᠢ ᠪᠡᠶᠡᠯᠡᠭᠳᠡᠪᠡ᠃ | ᠷᠠᠰᠢᠶᠠᠨ ᠬᠤᠲᠠ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠦᠨ᠂ ᠬᠤᠲᠠ ᠶᠢᠨ ᠲᠣᠭᠤᠷᠢᠭ ᠤᠨ ᠭᠡᠷᠡᠯᠲᠦᠭᠦᠯᠭᠡ ᠶᠢᠨ ᠨᠣᠷᠮ᠎ᠠ᠂ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠣᠷᠮ᠎ᠠ᠂ ᠬᠤᠭ ᠨᠣᠪᠰᠢ ᠶᠢ | ᠰᠢᠢᠳᠪᠦᠷᠢᠯᠡᠭᠰᠡᠨ ᠨᠣᠷᠮ᠎ᠠ ᠶᠢ ᠲᠣᠰ ᠲᠣᠰ 95%᠂ 98.14%᠂ 99.69% ᠳᠤ ᠬᠦᠷᠭᠡᠵᠦ᠂ ᠳᠥᠭᠦᠮ ᠪᠦᠲᠦᠴᠡᠲᠦ ᠣᠷᠣᠨ ᠰᠠᠭᠤᠴᠠ ᠶᠢ | ᠳᠤᠯᠠᠭᠠᠯᠠᠬᠤ ᠳᠤ ᠬᠦᠴᠢᠷ᠂ ᠤᠰᠤ ᠢᠳᠡᠬᠦ ᠳᠤ ᠬᠦᠴᠢᠷ᠂ ᠵᠠᠮ ᠶᠠᠪᠤᠬᠤ ᠳᠤ ᠬᠦᠴᠢᠷ ᠪᠠᠶᠢᠬᠤ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠪᠡ᠃ ᠬᠤᠲᠠ ᠶᠢᠨ | ᠬᠥᠮᠥᠨ ᠳᠤᠮᠳᠠᠴᠢ ᠶᠢᠨ ᠴᠡᠴᠡᠷᠯᠢᠭ ᠨᠣᠭᠤᠭᠠᠷᠠᠭᠤᠯᠤᠯᠲᠠ ᠶᠢᠨ ᠲᠠᠯᠠᠪᠠᠶ 16.35 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠲᠠ ᠶᠢᠨ ᠴᠢᠳᠠᠮᠵᠢ ᠪᠠ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠣᠯᠭᠤᠭᠰᠠᠨ ︽ᠳᠤᠮᠳᠠᠳᠤ ᠤᠯᠤᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠥᠯᠢᠭᠡᠷ ᠵᠢᠱᠢᠶ᠎ᠡ ᠶᠢᠨ ᠱᠠᠩᠨᠠᠯ︾ ᠢ ᠭᠦᠷᠳᠡᠪᠡ᠃ | 2014 ᠣᠨ ᠠᠴᠠ ᠨᠠᠭᠠᠰᠢ ᠷᠠᠰᠢᠶᠠᠨ ᠬᠤᠲᠠ ᠪᠠᠶᠢᠭᠠᠯᠢ ᠶᠢ ᠬᠠᠮᠠᠭᠠᠯᠠᠬᠤ ᠢᠨᠵᠧᠨᠧᠷᠢᠩ ᠢ ᠨᠡᠶᠢᠲᠡ 1650 ᠲᠦᠮᠡᠨ ᠮᠦ ᠬᠡᠷᠡᠭᠵᠢᠭᠦᠯᠵᠦ᠂ | ᠠᠭᠤᠯᠠ ᠶᠢ ᠪᠢᠲᠡᠭᠦᠮᠵᠢᠯᠡᠨ ᠣᠶᠢᠵᠢᠭᠤᠯᠤᠭᠰᠠᠨ ᠳᠠᠯᠠᠪᠠᠢ 120 ᠲᠦᠮᠡᠨ ᠮᠦ᠂ ᠮᠣᠳᠣ ᠳᠠᠷᠢᠵᠤ ᠣᠶᠢᠵᠢᠭᠤᠯᠤᠭᠰᠠᠨ ᠳᠠᠯᠠᠪᠠᠢ 40 ᠲᠦᠮᠡᠨ ᠮᠦ᠂ ᠲᠠᠷᠢᠶᠠᠯᠠᠬᠤ ᠶᠢ | ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠭᠰᠡᠨ ᠳᠠᠯᠠᠪᠠᠢ 25 ᠲᠦᠮᠡᠨ ᠮᠦ ᠳᠤ ᠲᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢ 1.5 ᠲᠦᠮᠡᠨ ᠮᠦ ᠬᠡᠷᠡᠭᠵᠢᠭᠦᠯᠦᠭᠰᠡᠨ ᠪᠠᠶᠢᠨ᠎ᠠ᠃ ᠪᠦᠭᠦ ᠬᠤᠲᠠ ᠶᠢᠨ ᠣᠶ ᠰᠢᠭᠤᠢ ᠶᠢᠨ ᠪᠦᠷᠬᠦᠴᠡ ᠶᠢᠨ ᠨᠣᠷᠮ᠎ᠠ 81.2% ᠲᠤ | ᠬᠦᠷᠴᠦ᠂ ᠤᠷᠭᠤᠮᠠᠯ ᠤᠨ ᠪᠦᠷᠬᠦᠴᠡ ᠶᠢᠨ ᠨᠣᠷᠮ᠎ᠠ 95% ᠠᠴᠠ ᠳᠡᠭᠡᠭᠰᠢ ᠳᠤ ᠬᠦᠷᠴᠦ᠂ ᠭᠠᠵᠠᠷ ᠳᠣᠣᠷᠠᠬᠢ ᠤᠰᠤ᠂ ᠭᠠᠵᠠᠷ ᠳᠡᠭᠡᠷᠡᠬᠢ ᠤᠰᠤ ᠴᠥᠮ Ⅲ | ᠲᠥᠷᠥᠯ ᠤᠨ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ | ᠷᠠᠰᠢᠶᠠᠨ ᠬᠤᠳᠠ ︽ᠠᠮᠢ ᠠᠬᠤᠢ ᠪᠠᠷ ᠬᠤᠲᠠ ᠪᠠᠨ ᠪᠠᠶᠢᠭᠤᠯᠵᠤ᠂ ᠵᠢᠭᠤᠯᠴᠢᠯᠠᠯ ᠢᠶᠠᠷ ᠬᠤᠲᠠ ᠪᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠨ᠂ ᠬᠥᠬᠡᠮᠳᠦᠭ ᠨᠣᠭᠤᠭᠠᠨ ᠠᠭᠤᠯᠠ ᠤᠰᠤ ᠶᠢ ᠡᠳ᠋ ᠪᠠᠶᠠᠯᠢᠭ ᠪᠤᠯᠭᠠᠵᠤ᠂ ᠠᠮᠢ ᠠᠬᠤᠢ ᠶᠢᠨ ᠳᠠᠪᠠᠭᠤᠯᠢᠭ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠭᠦ ᠲᠣᠭᠤᠷᠢᠭ᠂ ︽ᠨᠢᠭᠡ ᠪᠦᠰᠡ ᠨᠢᠭᠡ ᠵᠠᠮ︾ ᠤᠨ ᠤᠯᠠᠨ | ᠤᠯᠤᠰ ᠤᠨ ᠡᠷᠡᠭᠦᠯ ᠮᠡᠨᠳᠦ ᠶᠢᠨ ᠵᠢᠭᠤᠯᠴᠢᠯᠠᠯ ᠤᠨ ᠵᠤᠷᠢᠯᠳᠠᠳᠥ ᠭᠠᠵᠠᠷ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ | ᠬᠤᠳᠠ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠵᠡᠷᠭᠡ ᠢᠷᠠᠭᠤ | ᠠᠯᠳᠠᠷ ᠢ ᠬᠦᠷᠲᠡᠵᠦ᠂ ᠠᠮᠢ ᠠᠬᠤᠢ ᠶᠢᠨ ᠪᠣᠯᠪᠠᠰᠤᠨ ᠤ ᠦᠵᠡᠰᠬᠦᠯᠡᠩᠲᠦ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ | |