ᠨᠠᠮ ᠤᠨ ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 7 ᠰᠠᠷ᠎ᠠ ᠶᠢᠨ 30 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠤᠨ ᠤᠬᠠᠭᠤᠯᠤᠨ ᠲᠠᠶᠢᠯᠪᠤᠷᠢᠯᠠᠬᠤ | ᠪᠦᠯᠭᠦᠮ ᠤᠨ ᠮᠡᠳᠡᠭᠦᠯᠦᠯᠲᠡ ᠶᠢᠨ ᠬᠤᠷᠠᠯ ᠭᠦᠭᠡᠬᠤᠲᠠ ᠳᠤ ᠶᠠᠪᠤᠭᠳᠠᠵᠤ᠂ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠠᠷᠠᠳ ᠤᠨ | ᠳᠡᠭᠡᠳᠦ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠷᠢᠶᠠᠨ ᠳᠠᠷᠤᠭ᠎ᠠ ᠾᠧ ᠰᠢᠶᠣᠣ ᠷᠦᠩ ᠤᠬᠠᠭᠤᠯᠤᠨ | ᠲᠠᠶᠢᠯᠪᠤᠷᠢᠯᠠᠬᠤ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠮᠡᠳᠡᠭᠦᠯᠦᠯᠲᠡ ᠶᠢᠨ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | | 7 ᠰᠠᠷ᠎ᠠ ᠶᠢᠨ 30 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠮᠡᠳᠡᠭᠦᠯᠦᠯᠲᠡ ᠶᠢᠨ ᠬᠤᠷᠠᠯ ᠭᠦᠭᠡᠬᠤᠲᠠ ᠳᠤ ᠶᠠᠪᠤᠭᠳᠠᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠮᠡᠳᠡᠭᠦᠯᠦᠯᠲᠡ ᠶᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠳᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ᠂ ᠮᠤᠵᠢ ᠶᠢᠨ | ᠲᠠᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠲᠥᠯᠥᠭᠡᠯᠡᠭᠴᠢᠳ ᠬᠤᠷᠠᠯ ᠳᠤ ᠣᠷᠣᠯᠴᠠᠵᠠᠢ᠃ | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠾᠧ ᠰᠢᠶᠣᠣ ᠷᠦᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠳᠦᠷᠪᠡᠨ ᠲᠠᠯ᠎ᠠ ᠠᠴᠠ ᠣᠨᠣᠪᠴᠢᠲᠠᠶ ᠲᠣᠳᠣᠷᠬᠠᠶᠢᠯᠠᠨ ᠥᠭᠦᠯᠡᠭᠰᠡᠨ | ᠪᠠ ᠭᠦᠨᠵᠡᠭᠡᠢ ᠲᠠᠶᠢᠯᠤᠮᠵᠢ ᠬᠢᠪᠡ᠃ ᠬᠤᠷᠠᠯ ᠳᠤ ᠣᠷᠣᠯᠴᠠᠬᠰᠠᠨ ᠨᠥᠬᠦᠳ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠨᠢ ᠪᠦᠭᠦ ᠲᠠᠯ᠎ᠠ ᠶᠢᠨ ᠰᠢᠰᠲ᠋ᠧᠮ ᠲᠠᠢ᠂ | ᠭᠤᠣᠯᠳᠠᠯᠭ᠎ᠠ ᠶᠢ ᠳᠣᠪᠤᠶᠢᠯᠭᠠᠵᠤ᠂ ᠭᠦᠨᠵᠡᠭᠡᠢ ᠪᠥᠭᠡᠳ ᠴᠢᠩᠭ᠎ᠠ ᠨᠢᠮᠪᠠᠢ᠂ ᠲᠥᠭᠦᠮ ᠣᠶᠢᠯᠠᠭᠠᠮᠵᠢᠲᠠᠢ ᠪᠠᠶᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠨᠢᠭᠡ ᠤᠳᠠᠭᠠᠨ ᠤ ᠡᠷᠬᠡ ᠰᠦᠷᠲᠦ ᠬᠠᠪᠰᠤᠷᠤᠨ ᠵᠢᠯᠣᠭᠤᠳᠤᠯᠭ᠎ᠠ ᠪᠠᠶᠢᠵᠤ᠂ | ᠥᠪᠥᠷ ᠮᠣᠩᠭᠤᠯ ᠤᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠭᠡᠵᠦ | ᠢᠯᠡᠳᠬᠡᠵᠡᠭᠡᠪᠡ᠃ | ᠰᠦᠨ ᠱᠤᠤ ᠴᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ | ᠪᠣᠯᠣᠨ᠎ᠠ᠃ ᠪᠢᠳᠡ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ᠂ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠣᠶᠢᠯᠠᠭᠠᠨ ᠡᠵᠡᠮᠰᠢᠬᠦ ᠪᠠᠨ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠬᠦ ᠶᠢ ᠦᠨᠡᠨ ᠬᠦ ᠪᠡᠶᠡᠯᠡᠭᠦᠯᠵᠦ᠂ ︽ | ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠠᠩ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠨᠠᠩ ᠡᠷᠡᠰ | ᠪᠡᠶᠡᠯᠡᠭᠦᠯᠬᠦ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ | ᠣᠷᠣᠬᠤ ᠶᠢᠨ ᠬᠤᠷᠢᠭ᠎ᠠ ᠴᠡᠭ ᠲᠦᠭᠵᠢᠷᠡᠯ ᠴᠡᠭ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠲᠤᠯᠭᠠᠭᠤᠷᠢᠯᠠᠬᠤ | ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠬᠥᠰᠢᠭᠦᠷᠭᠡ ᠶᠢᠨ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢ ᠲᠥᠰᠥᠪᠯᠡᠨ ᠬᠡᠷᠡᠭᠵᠢᠭᠦᠯᠬᠦ ᠬᠡᠷᠡᠭᠲᠡᠢ ᠭᠡᠪᠡ᠃ | ᠰᠦᠨ ᠱᠤᠤ ᠴᠧᠩ᠂ ᠨᠠᠮ ᠤᠨ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤ ᠡᠷᠬᠡᠪᠰᠢ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠦᠷ᠎ᠡ ᠳ᠋ᠦᠩ ᠪᠣᠯ ᠬᠠᠮᠤᠭ ᠤᠨ ᠰᠠᠶᠢᠨ ᠶᠠᠪᠤᠴᠠ ᠮᠥᠨ᠂ | ᠥᠭᠡᠷᠡᠴᠢᠯᠡᠯᠲᠡ ᠳᠤ ᠰᠥᠰᠥ ᠵᠣᠷᠢᠭ ᠪᠠ ᠡᠷᠴᠢ ᠵᠣᠷᠢᠭ ᠱᠠᠭᠠᠷᠳᠠᠭᠳᠠᠨ᠎ᠠ᠂ ᠪᠢᠳᠡ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠰᠪᠦᠷᠢ | ᠬᠠᠲᠠᠭᠤᠵᠢᠯᠲᠠᠢ ᠪᠠᠷ ᠴᠤᠴᠠᠯᠲᠠ ᠦᠭᠡᠢ ᠤᠷᠤᠭᠰᠢᠯᠠᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠵᠤ᠂ ︽ᠲᠠᠪᠤᠨ ᠶᠡᠭᠡ | ᠡᠭᠦᠷᠭᠡ︾ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠣᠪᠣᠷ ᠢᠶᠠᠷ | ᠥᠪᠥᠷ ᠮᠣᠩᠭᠤᠯ ᠤᠨ ᠶᠠᠪᠤᠳᠠᠯ ᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ | ᠪᠦᠲᠦᠭᠡᠨ ᠪᠠᠶᠢᠭᠤᠯᠬᠤ ᠬᠡᠷᠡᠭᠲᠡᠢ ᠭᠡᠪᠡ᠃ | ᠮᠡᠳᠡᠭᠦᠯᠦᠯᠲᠡ ᠶᠢᠨ ᠬᠤᠷᠠᠯ ᠸᠢᠳᠢᠤ᠋ ᠭᠡᠯᠪᠡᠷᠢ ᠪᠠᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠳᠤ ᠣᠷᠣᠯᠴᠠᠭᠰᠠᠳ᠂ ᠤᠨᠤᠯ ᠤᠨ ᠠᠵᠢᠯᠲᠠᠳ ᠪᠣᠯᠣᠨ ᠶᠡᠭᠡ ᠳᠡᠭᠡᠳᠦ ᠰᠤᠷᠭᠠᠭᠤᠯᠢ ᠶᠢᠨ ᠪᠠᠭᠰᠢ | ᠰᠤᠷᠤᠬᠴᠢᠳ ᠤᠨ ᠲᠥᠯᠥᠭᠡᠯᠡᠭᠴᠢᠳ ᠭᠤᠣᠯ ᠬᠤᠷᠠᠯ ᠤᠨ ᠲᠠᠯᠠᠪᠠᠢ ᠳᠤ ᠮᠡᠳᠡᠭᠦᠯᠦᠯᠲᠡ ᠶᠢ ᠰᠣᠨᠣᠰᠴᠠᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃ | 30 ᠤ ᠦᠳᠡ ᠶᠢᠨ ᠬᠤᠶᠢᠨ᠎ᠠ᠂ ᠾᠧ ᠰᠢᠶᠣᠣ ᠷᠦᠩ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠢ᠂ ᠬᠤᠲᠣᠩ ᠠᠷᠠᠳ ᠤᠨ | ᠲᠣᠭᠤᠷᠢᠭ ᠤᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠲᠤ ᠬᠦᠷᠴᠦ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠨᠡᠶᠢᠭᠡᠮ | ᠲᠣᠭᠤᠷᠢᠭ ᠤᠨ ᠺᠠᠳ᠋ᠷ᠂ ᠰᠠᠭᠤᠭᠠᠯᠢ ᠠᠷᠠᠳ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃ | |