ᠡᠨᠡ ᠵᠢᠯ ᠠᠴᠠ ᠨᠠᠭᠠᠰᠢ᠂ ᠲᠣᠯᠢ ᠭᠤᠤᠯ ᠪᠠᠯᠭᠠᠰᠤ ᠶᠢᠨ ᠬᠢᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠺᠠᠳ᠋ᠷ ᠣᠯᠠᠨ ᠲᠦᠮᠡᠨ ᠤ ᠬᠦᠴᠦᠨ ᠢ ᠨᠢᠭᠲᠠᠷᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠨᠠᠮ ᠤᠨ ᠪᠠᠶᠢᠭᠤᠯᠤᠯᠲᠠ + | ᠠᠶᠤᠯᠭᠦᠶ ᠦᠢᠯᠡᠳᠪᠦᠷᠢᠯᠡᠯ︾ ᠢ ᠪᠥᠬᠦ ᠪᠠᠯᠭᠠᠰᠤᠨ ᠤ ᠭᠤᠤᠯ ᠠᠵᠢᠯ ᠳᠤ ᠠᠭᠤᠰᠬᠠᠨ ᠣᠷᠣᠭᠤᠯᠪᠠ᠃ 8 ᠰᠠᠷ᠎ᠠ ᠶᠢᠨ 26 ᠤ ᠡᠳᠦᠷ᠂ ᠠᠶᠤᠯᠭᠦᠶ | ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠯᠭᠠᠭ᠎ᠠ ᠪᠠᠷ ᠪᠣᠷᠣᠭᠠᠨ ᠣᠷᠣᠬᠤ ᠶᠢ ᠰᠡᠷᠭᠡᠶᠢᠯᠡᠨ ᠠᠷᠭᠠᠴᠠᠬᠤ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ᠡᠯ᠎ᠡ ᠲᠥᠷᠥᠯ ᠤᠨ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠪᠠ | ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠣᠯᠢ ᠭᠤᠤᠯ ᠪᠠᠯᠭᠠᠰᠤ ᠶᠢᠨ ᠬᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠬᠤ ᠲᠤᠰᠬᠠᠶ ᠠᠵᠢᠯᠯᠠᠭ᠎ᠠ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠪᠡ᠃ | ︽ᠦᠳᠲᠡᠷ ᠲᠦᠷᠭᠡᠨ︾ ᠢᠶᠠᠷ ︽ᠦᠶᠡᠷ ᠢ ᠰᠡᠷᠭᠡᠶᠢᠯᠡᠵᠦ︾ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠤᠭᠴᠠᠯᠠᠵᠤ ᠪᠤᠢ | ᠣᠶᠢᠷ᠎ᠠ ᠳᠤ ᠪᠣᠷᠣᠭᠠᠨ ᠤᠷᠤᠭᠰᠠᠨ ᠠᠴᠠ ᠦᠶᠡᠷ ᠢ ᠰᠡᠷᠭᠡᠶᠢᠯᠡᠬᠦ ᠪᠠᠶᠢᠳᠠᠯ ᠮᠥᠨ ᠬᠦᠨᠳᠦ ᠨᠣᠴᠢᠲᠠᠶ ᠪᠠᠶᠢᠨ᠎ᠠ᠃ ᠲᠣᠯᠢ ᠭᠤᠤᠯ ᠪᠠᠯᠭᠠᠰᠤ ᠶᠢᠨ ᠬᠢᠨ ︽ | ᠡᠷᠲᠡ ᠢᠯᠡᠷᠡᠭᠦᠯᠬᠦ᠂ ᠡᠷᠲᠡ ᠵᠠᠰᠠᠬᠤ︾ ᠠᠵᠢᠯ ᠤᠨ ᠵᠠᠷᠴᠢᠮ ᠢ ᠪᠠᠷᠢᠮᠲᠠᠯᠠᠵᠤ᠂ ᠭᠤᠤᠯ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠭᠤᠤᠯᠳᠠᠯᠭ᠎ᠠ ᠲᠠᠢ ᠭᠤᠤᠯ ᠤᠨ ᠬᠡᠰᠡᠭ᠂ ᠭᠤᠤᠯ ᠳᠠᠭᠠᠤ ᠵᠠᠮ ᠤᠨ ᠠᠭᠤᠯᠵᠠᠷ ᠵᠡᠷᠭᠡ ᠣᠷᠣᠨ ᠪᠦᠰᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠪᠣᠷᠣᠭᠠᠨ ᠤ ᠪᠠᠶᠢᠳᠠᠯ | ᠵᠢᠴᠢ ᠤᠰᠤᠨ ᠤ ᠪᠠᠶᠢᠳᠠᠯ ᠢ ᠨᠢᠭᠲᠠ ᠠᠵᠢᠭᠯᠠᠬᠤ ᠶᠢᠨ ᠬᠠᠮᠲᠤ ᠪᠥᠬᠦ ᠲᠠᠯ᠎ᠠ ᠪᠠᠷ ᠡᠵᠡᠮᠰᠢᠵᠦ᠂ ᠬᠠᠷᠢᠶᠠᠲᠤ ᠣᠷᠣᠨ ᠤ ᠦᠶᠡᠷ ᠢ ᠰᠡᠷᠭᠡᠶᠢᠯᠡᠬᠦ ᠭᠤᠤ᠂ ᠬᠤᠲᠣᠭᠤᠷ | ᠭᠠᠵᠠᠷ᠂ ᠵᠠᠮ ᠤᠨ ᠤᠰᠤ ᠬᠤᠷᠠᠬᠤ ᠭᠠᠵᠠᠷ ᠵᠡᠷᠭᠡ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠶᠢᠨ ᠬᠠᠮᠲᠤ ᠬᠠᠮᠢᠶ᠎ᠠ | ᠪᠥᠬᠦᠶ ᠲᠡᠮᠳᠡᠭᠯᠡᠯ ᠢ ᠰᠠᠶᠢᠲᠤᠷ ᠬᠢᠵᠡᠢ᠃ | ︽ᠨᠠᠷᠢᠯᠢᠭ︾ ᠢᠶᠠᠷ ︽ᠠᠶᠤᠯᠲᠠᠶ︾ ᠶᠢ ᠰᠡᠷᠭᠡᠶᠢᠯᠡᠵᠦ ᠲᠡᠮᠦᠷ ᠵᠠᠮ ᠤᠨ ᠠᠮᠤᠷ ᠲᠦᠪᠰᠢᠨ ᠢ ᠬᠠᠮᠠᠭᠠᠯᠠᠵᠤ ᠪᠤᠢ | ᠪᠠᠶᠢᠴᠠᠭᠠᠬᠤ ᠳᠤᠭᠤᠶᠢᠯᠠᠩ ᠤᠨ ᠬᠢᠨ ᠲᠡᠮᠦᠷ ᠵᠠᠮ ᠳᠠᠭᠠᠤ ᠶᠢᠨ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠤᠶᠢᠯᠠᠭᠠᠨ | ᠵᠢᠭᠰᠠᠭᠠᠵᠤ᠂ ᠲᠡᠮᠦᠷ ᠵᠠᠮ ᠳᠠᠭᠠᠤ ᠶᠢᠨ ᠲᠡᠵᠢᠭᠡᠨ ᠦᠷᠡᠵᠢᠭᠦᠯᠵᠦ ᠮᠠᠯᠵᠢᠬᠤ ᠪᠠᠶᠢᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠲᠡᠵᠢᠭᠡᠨ ᠦᠷᠡᠵᠢᠭᠦᠯᠬᠦ | ᠡᠷᠦᠬᠡ ᠶᠢᠨ ᠲᠤᠤᠷ ᠬᠠᠰᠢᠯᠭ᠎ᠠ ᠶᠢᠨ ᠬᠠᠮᠠᠭᠠᠯᠠᠯᠲᠠ ᠪᠦᠷᠢᠨ ᠪᠦᠲᠦᠨ ᠪᠠᠶᠢᠬᠤ ᠡᠰᠡᠬᠦ᠂ ᠪᠠᠲᠤ ᠪᠠᠬᠢ ᠪᠠᠶᠢᠬᠤ ᠡᠰᠡᠬᠦ ᠶᠢ ᠪᠠᠶᠢᠴᠠᠭᠠᠵᠤ᠂ ᠰᠠᠭᠤᠭᠠᠯᠢ ᠠᠷᠠᠳ ᠢ | ᠰᠢᠮᠳᠠᠭᠤᠯᠵᠤ ᠪᠠᠶᠢᠭᠠᠳ ᠥᠪᠡᠷ ᠤᠨ ᠮᠠᠯ ᠲᠡᠵᠢᠭᠡᠪᠦᠷᠢ ᠶᠢᠨ ᠬᠠᠮᠢᠶᠠᠷᠤᠯᠲᠠ ᠶᠢ ᠰᠠᠶᠢᠲᠤᠷ ᠬᠢᠯᠭᠡᠵᠦ᠂ ᠮᠠᠯ ᠤᠨᠤᠭ᠎ᠠ ᠶᠢᠨ ᠵᠠᠮ ᠳᠤ ᠭᠠᠷᠴᠤ ᠭᠠᠯᠲᠤ ᠲᠡᠷᠭᠡ ᠶᠢ | ᠬᠠᠰᠢᠨ ᠵᠣᠭᠰᠣᠭᠠᠬᠤ ᠵᠡᠷᠭᠡ ᠬᠡᠮ ᠰᠣᠭᠤᠭ ᠤᠨ ᠠᠳᠡᠯ ᠭᠠᠷᠬᠤ ᠶᠢ ᠬᠤᠷᠢᠭᠯᠠᠵᠤ᠂ ᠬᠥᠮᠦᠨ ᠪᠦᠬᠦᠨ ᠲᠡᠮᠦᠷ ᠵᠠᠮ ᠢ ᠬᠠᠶᠢᠷᠠᠯᠠᠨ ᠬᠠᠮᠠᠭᠠᠯᠠᠬᠤ᠂ ᠵᠠᠮ ᠬᠠᠮᠠᠭᠠᠯᠠᠬᠤ | ᠠᠵᠢᠯ ᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠵᠠᠢ᠃ | ︽ᠴᠢᠩᠭ᠎ᠠ︾ ᠪᠠᠷ ︽ᠠᠮᠤᠷ ᠲᠦᠪᠰᠢᠨ︾ ᠢ ᠴᠣᠭᠴᠠᠯᠠᠵᠤ ᠲᠥᠷᠥᠯ ᠵᠦᠢᠯ ᠤᠨ ᠪᠠᠷᠢᠯᠭ᠎ᠠ ᠶᠢᠨ ᠠᠮᠤᠷ ᠲᠦᠪᠰᠢᠨ ᠢ ᠪᠠᠳᠤᠯᠠᠵᠤ ᠪᠤᠢ | G 605 ᠵᠠᠰᠠᠮᠠᠯ ᠵᠠᠮ ᠤᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠲᠤ᠂ ᠪᠠᠶᠢᠴᠠᠭᠠᠬᠤ ᠳᠤᠭᠤᠶᠢᠯᠠᠩ ᠨᠢ ᠪᠠᠷᠢᠯᠭ᠎ᠠ ᠶᠢᠨ | ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠵᠡᠷᠭᠡ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ᠂ ᠪᠠᠷᠢᠯᠭ᠎ᠠ ᠶᠢᠨ ᠠᠵᠢᠯ ᠤᠨ ᠠᠬᠢᠴᠠ ᠵᠢᠴᠢ ᠪᠠᠷᠢᠯᠭ᠎ᠠ ᠶᠢᠨ ᠠᠵᠢᠯ ᠤᠨ ᠲᠥᠯᠥᠪᠯᠡᠭᠡ ᠵᠡᠷᠭᠡ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠪᠠᠶᠢᠴᠠᠭᠠᠬᠤ ᠳᠤᠭᠤᠶᠢᠯᠠᠩ ᠨᠢ ᠪᠠᠷᠢᠯᠭ᠎ᠠ ᠶᠢᠨ ᠠᠩᠭᠢ ᠶᠢᠨ ᠰᠠᠭᠤᠭ᠎ᠠ ᠭᠠᠵᠠᠷ ᠤᠨ ᠭᠠᠯ᠂ ᠴᠠᠬᠢᠯᠭᠠᠨ᠂ ᠰᠢᠲᠠᠮᠠᠬᠠᠶ | ᠬᠡᠶ ᠶᠢᠨ ᠪᠠᠶᠢᠳᠠᠯ ᠳᠤ ᠪᠠᠶᠢᠴᠠᠭᠠᠯᠲᠠ ᠬᠢᠪᠠ᠃ ᠪᠠᠶᠢᠴᠠᠭᠠᠬᠤ ᠳᠤᠭᠤᠶᠢᠯᠠᠩ᠂ ᠲᠠᠶᠢᠪᠤᠰᠢᠷᠠᠬᠤ ᠦᠵᠡᠯ ᠰᠠᠨᠠᠭ᠎ᠠ ᠪᠣᠯᠤᠨ ᠭᠤᠷᠢᠳᠠᠬᠤ ᠪᠤᠳᠤᠯ ᠢ ᠡᠷᠡᠰ ᠲᠡᠪᠴᠢᠵᠦ᠂ | ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠢᠮᠠᠭᠲᠠ ᠴᠢᠩᠭᠠᠯᠠᠬᠤ ᠬᠡᠷᠡᠭᠲᠡᠢ᠃ ᠢᠯᠠᠩᠭᠤᠶ᠎ᠠ ᠮᠠᠰᠢᠨ ᠢᠶᠠᠷ ᠠᠵᠢᠯᠯᠠᠬᠤ᠂ ᠰᠣᠯᠪᠢᠴᠠᠨ ᠠᠵᠢᠯᠯᠠᠬᠤ ᠠᠮᠤᠷ | ᠲᠦᠪᠰᠢᠨ ᠢ ᠠᠩᠬᠠᠷᠴᠤ᠂ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠶᠢᠨ ᠵᠡᠷᠭᠡᠴᠡᠭᠡᠪᠡᠷ ᠠᠶᠤᠯᠭᠦᠢ ᠶᠢᠨ ᠥᠪᠡᠷ ᠢ ᠪᠠᠨ | ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠶᠤᠯᠭᠦᠢ ᠶᠢᠨ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠠᠭ | ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠪᠠᠷᠢᠯᠭ᠎ᠠ ᠪᠠᠷᠢᠬᠤ ᠡᠩᠨᠡᠭᠡᠨ ᠤ ᠠᠶᠤᠯᠭᠦᠢ ᠶᠢᠨ ᠰᠡᠷᠡᠮᠵᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ | ᠨᠡᠮᠡᠭᠳᠡᠭᠦᠯᠵᠡᠢ᠃ | ᠳᠠᠷᠠᠭ᠎ᠠ ᠨᠢ᠂ ᠲᠣᠯᠢ ᠭᠤᠤᠯ ᠪᠠᠯᠭᠠᠰᠤ ᠶᠢᠨ ᠬᠢᠨ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ | ᠰᠠᠬᠢᠵᠤ᠂ ᠪᠥᠬᠦ ᠪᠠᠯᠭᠠᠰᠤᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠪᠥᠬᠦ ᠪᠠᠯᠭᠠᠰᠤᠨ ᠤ ᠠᠶᠤᠯᠭᠦᠶ | ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠨ᠎ᠠ᠃ | |