︵2024 ᠣᠨ ᠤ 7 ᠰᠠᠷ᠎ᠠ ᠶᠢᠨ 31 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠭᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠨᠠᠢᠮᠠᠳᠤᠭᠠᠷ ᠪᠦᠭᠦᠳᠡ ᠬᠤᠷᠠᠯ 2024 ᠣᠨ ᠤ 7 ᠰᠠᠷ᠎ᠠ ᠶᠢᠨ 29 ᠠᠴᠠ 31 ᠤ ᠡᠳᠦᠷ ᠪᠤᠯᠲᠠᠯ᠎ᠠ ᠭᠦᠭᠡᠬᠤᠲᠠ ᠳᠤ ᠬᠤᠷᠠᠯᠳᠤᠪᠠ᠃ | ᠡᠨᠡ ᠤᠳᠠᠭ᠎ᠠ ᠶᠢᠨ ᠪᠦᠭᠦᠳᠡ ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠡᠰᠢᠭᠦᠨ 75 ᠬᠥᠮᠥᠨ᠂ ᠣᠷᠣᠯᠠᠭᠴᠢ ᠭᠡᠰᠢᠭᠦᠨ | 14 ᠬᠥᠮᠥᠨ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ | ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠬᠡᠰᠡᠭ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ | ᠣᠷᠣᠯᠴᠠᠵᠠᠢ᠃ | | 7 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠳᠤᠮᠳᠠᠳᠤ ᠤᠯᠤᠰ ᠤᠨ ᠡᠪ | ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠭᠦᠳᠡ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠪᠦᠭᠦᠳᠡ | ᠬᠤᠷᠠᠯ ᠳᠤ ᠮᠡᠳᠡᠭᠦᠯᠦᠯᠲᠡ ᠬᠢᠬᠦ ᠶᠢᠨ ᠬᠠᠮᠲᠤ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ ︵ | ᠶᠠᠷᠢᠯᠴᠠᠬᠤ ᠨᠣᠣᠷᠠᠭ︶︾ ᠤᠨ ᠲᠤᠬᠠᠢ ᠲᠣᠳᠣᠷᠬᠠᠶᠢᠯᠠᠯᠲᠠ ᠬᠢᠪᠡ᠃ ︵ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ︶ | ᠪᠦᠭᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠶᠠᠷᠢᠶ᠎ᠠ ᠲᠠᠯᠪᠢᠵᠠᠢ᠃ | ᠪᠦᠭᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ | ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠣᠣᠷ᠎ᠠ ᠬᠠᠭᠠᠰ ᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ ᠰᠦᠨ ᠱᠤᠤ ᠴᠧᠩ ︽ᠰᠠᠨᠠᠯ ︵ᠶᠠᠷᠢᠯᠴᠠᠬᠤ ᠨᠣᠣᠷᠠᠭ︶︾ | ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | | 7 ᠰᠠᠷ᠎ᠠ ᠶᠢᠨ 29 ᠠᠴᠠ 31 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠭᠦᠳᠡ ᠬᠤᠷᠠᠯ ᠭᠦᠭᠡᠬᠤᠲᠠ ᠳᠤ ᠬᠤᠷᠠᠯᠳᠤᠪᠠ᠃ ︵ᠰᠤᠷᠪᠤᠯᠵᠢᠯᠠᠬᠴᠢ ᠮᠠ ᠵᠢᠶᠠᠨ | ᠪᠢᠩ ᠰᠡᠭᠦᠳᠡᠷᠯᠡᠪᠡ︶ | ᠪᠦᠭᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠢ | ᠭᠦᠢᠴᠡᠳ ᠨᠤᠲᠠᠯᠠᠪᠠ᠃ ᠵᠢᠯ ᠤᠨ ᠡᠬᠢᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠦᠭᠦ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ | ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ | ᠰᠢᠨ᠎ᠡ ᠠᠬᠢᠴᠠ ᠲᠠᠢ ᠪᠤᠯᠬᠤ ᠶᠢ ᠠᠬᠢᠭᠤᠯᠪᠠ᠃ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠳᠦᠷᠢᠮ ᠲᠣᠭᠲᠠᠴᠠ ᠪᠣᠯᠣᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠲᠠᠰᠤᠷᠠᠯᠲᠠ ᠦᠭᠡᠢ ᠲᠡᠭᠦᠯᠳᠡᠷᠵᠢᠵᠦ᠂ ︽ᠲᠠᠪᠤᠨ ᠶᠡᠭᠡ ᠡᠭᠦᠷᠭᠡ︾ ᠭᠦᠨᠵᠡᠭᠡᠢ ᠠᠬᠢᠵᠤ᠂ ︽ᠵᠢᠷᠭᠤᠭᠠᠨ ᠢᠨᠵᠧᠨᠧᠷᠢᠩ︾ ᠪᠦᠭᠦ ᠲᠠᠯ᠎ᠠ ᠪᠠᠷ | ᠬᠡᠷᠡᠭᠵᠢᠭᠦᠯᠦᠭᠳᠡᠵᠦ᠂ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠠᠵᠢᠯ ᠰᠢᠨ᠎ᠡ ᠦᠷ᠎ᠡ ᠪᠦᠲᠦᠮᠵᠢ ᠣᠯᠵᠤ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠮᠠᠰᠢ ᠣᠯᠠᠨ ᠭᠢᠯᠠᠰ ᠴᠡᠭ ᠢᠯᠡᠷᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠲᠠᠰᠤᠷᠠᠯᠲᠠ ᠦᠭᠡᠢ ᠭᠦᠨᠵᠡᠭᠡᠶᠢᠷᠡᠵᠦ᠂ ᠥᠪᠥᠷ | ᠮᠣᠩᠭᠤᠯ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠲᠡᠶᠢᠰᠢ ᠪᠠᠰᠠ ᠨᠢᠭᠡ ᠠᠯᠬᠤᠮ ᠯᠠᠪᠳᠠᠭᠤᠨ ᠪᠠᠲᠤᠲᠠᠢ ᠠᠯᠬᠤᠵᠠᠢ ᠭᠡᠵᠦ ᠰᠠᠨᠠᠯ ᠨᠢᠭᠡᠲᠡᠢ | ᠦᠵᠡᠵᠡᠭᠡᠪᠡ᠃ | ᠪᠦᠭᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ | ᠡᠭᠦᠷᠭᠡ ᠮᠥᠨ᠂ ᠳᠣᠣᠷ᠎ᠠ ᠬᠠᠭᠠᠰ ᠵᠢᠯ ᠳᠤ ᠨᠠᠩ ᠲᠣᠪᠤᠶᠢᠮ᠎ᠠ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ | ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠮᠡᠳᠡᠭᠦᠯᠦᠯᠲᠡ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠥ᠂ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠪᠣᠯᠣᠨ ᠲᠣᠳᠣᠷᠬᠠᠶᠢᠯᠠᠯᠲᠠ ᠶᠢ ᠨᠠᠷᠢᠨ | ᠬᠢᠨᠠᠮᠠᠭᠠᠢ ᠰᠤᠳᠤᠯᠤᠨ ᠤᠩᠰᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠠᠵᠢᠯ ᠤᠨ ᠭᠤᠣᠯ ᠰᠢᠵᠢᠮ ᠲᠠᠢ ᠤᠶᠠᠯᠳᠤᠭᠤᠯᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠭᠦᠨᠵᠡᠭᠡᠢ | ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ | ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠪᠢᠰᠬᠠᠯᠲᠤ ᠲᠡᠮᠡᠴᠡᠯ ᠤᠨ ᠵᠣᠷᠢᠭ ᠰᠠᠨᠠᠭ᠎ᠠ᠂ ᠣᠷᠦ᠋ᠢᠯᠠᠭᠰᠠᠨ ᠤᠳᠤᠷᠢᠳᠬᠤ ᠤᠷᠠᠯᠢᠭ᠂ ᠡᠷᠬᠢᠮ ᠳᠡᠭᠡᠳᠦ | ᠤᠳᠤᠷᠢᠳᠤᠭᠴᠢ ᠶᠢᠨ ᠬᠡᠪ ᠨᠠᠮᠪᠠ ᠶᠢ ᠦᠨᠡᠨ ᠰᠡᠳᠬᠢᠯ ᠠᠴᠠ ᠪᠠᠨ ᠤᠬᠠᠵᠤ᠂ ᠨᠠᠩ ᠡᠷᠡᠰ ᠪᠠᠲᠤ ᠪᠥᠭᠡᠳ ᠤᠬᠠᠮᠰᠠᠷ ᠠᠴᠠ ᠪᠠᠨ ︽ᠬᠤᠶᠠᠷ ᠢ ᠲᠣᠭᠲᠠᠭᠠᠭᠰᠠᠨ︾ ᠢ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠤᠬᠠᠭᠤᠯᠤᠨ ᠲᠠᠶᠢᠯᠪᠤᠷᠢᠯᠠᠯᠲᠠ ᠶᠢ ᠥᠷᠭᠡᠨ ᠢᠶᠠᠷ ᠥᠷᠨᠢᠭᠦᠯᠵᠦ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠦᠭᠦ ᠨᠡᠶᠢᠭᠡᠮ ᠳᠤ | ᠭᠦᠨ ᠵᠤᠵᠠᠭᠠᠨ ᠥᠭᠡᠷᠡᠴᠢᠯᠡᠯᠲᠡ ᠶᠢᠨ ᠠᠭᠤᠷ ᠠᠮᠢᠰᠬᠤᠯ ᠢ ᠪᠤᠢ ᠪᠤᠯᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠭᠰᠠᠨ | ᠡᠭᠦᠷᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠭᠰᠡᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠬᠤ | ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠠ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ | ᠰᠢᠵᠢᠮ ᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠶᠠᠪᠤᠴᠠ ᠳᠠᠬᠢ ᠭᠤᠣᠯᠳᠠᠯᠭ᠎ᠠ᠂ ᠬᠦᠴᠢᠷᠳᠡᠯ ᠴᠡᠭ᠂ ᠲᠦᠭᠵᠢᠷᠡᠯ ᠴᠡᠭ ᠢ ᠴᠢᠩᠭ᠎ᠠ ᠠᠩᠬᠠᠷᠴᠤ ᠪᠣᠭᠤᠮᠲᠠ ᠰᠢᠪᠲᠤᠯᠬᠤ ᠬᠠᠷᠰᠢ | ᠰᠠᠭᠠᠳ ᠢ ᠠᠷᠢᠯᠭᠠᠬᠤ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠳᠤ ᠵᠣᠬᠢᠴᠠᠭᠰᠠᠨ ᠠᠵᠤ ᠠᠬᠤᠢ ᠶᠢᠨ | ᠪᠠᠶᠢᠷᠢᠰᠢᠭᠤᠯᠤᠯᠲᠠ ᠶᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠲᠡᠷᠢᠭᠦᠨ ᠤ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠲᠡᠶᠢᠰᠢ ᠲᠥᠪᠯᠡᠷᠡᠬᠦ᠂ ᠬᠥᠮᠥᠨ ᠠᠮᠠ ᠶᠢᠨ ᠭᠤᠣᠯᠳᠠᠯᠭ᠎ᠠ ᠲᠠᠢ ᠣᠷᠣᠨ ᠪᠦᠰᠡ ᠲᠡᠶᠢᠰᠢ ᠲᠥᠪᠯᠡᠷᠡᠬᠦ ᠶᠢ ᠠᠬᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠦᠨ ᠠᠬᠢᠭᠤᠯᠵᠤ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠪᠠᠷᠠᠭᠠᠨ ᠤ | ᠭᠦᠢᠯᠭᠡᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠠᠵᠢᠯ ᠤᠨ ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ︽ᠨᠢᠭᠡ ᠵᠢᠷᠤᠭ︾ ᠤᠨ ᠬᠠᠮᠢᠶᠠᠷᠤᠯᠲᠠ ᠶᠢᠨ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠠᠮᠤᠷ | ᠲᠦᠪᠰᠢᠨ ᠤ ︽1 + 8︾ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ ᠬᠠᠮᠠᠭᠠᠯᠠᠵᠤ᠂ ᠡᠨᠧᠷᠭᠢ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠪᠠ | ᠨᠡᠭᠡᠭᠡᠨ ᠬᠥᠭᠵᠢᠭᠦᠯᠵᠦ ᠠᠰᠢᠭᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠠ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠳᠤ ᠠᠭᠤᠰᠤᠯᠴᠠᠨ ᠦᠢᠯᠡᠴᠢᠯᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠷᠢᠨᠰᠢᠭᠦᠯᠬᠦ ᠬᠡᠷᠡᠭᠲᠡᠢ᠃ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠭᠠᠵᠠᠷ ᠰᠢᠷᠣᠢ᠂ ᠡᠨᠧᠷᠭᠢ᠂ ᠴᠠᠭᠢᠯᠭᠠᠨ ᠬᠦᠴᠦ᠂ ᠠᠭᠤᠷᠬᠠᠢ ᠶᠢᠨ ᠭᠠᠷᠤᠯᠲᠠ᠂ ᠤᠰᠤ᠂ ᠲᠤᠭ᠎ᠠ ᠪᠠᠷᠢᠮᠲᠠ ᠵᠡᠷᠭᠡ ᠴᠢᠬᠤᠯᠠ | ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠪᠣᠯᠣᠨ ᠭᠤᠣᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠷᠠᠳ ᠲᠤ ᠠᠰᠢᠭ ᠬᠦᠷᠲᠡᠭᠡᠬᠦ ᠨᠥᠬᠦᠪᠦᠷᠢ ᠣᠯᠭᠤᠬᠤ ᠠᠷᠭ᠎ᠠ ᠶᠢ ᠰᠠᠶᠢᠵᠢᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ | ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠭᠦᠯᠬᠦ᠂ ᠰᠣᠶᠣᠯ ᠤᠨ ᠪᠠᠶᠢᠭᠤᠯᠤᠯᠲᠠ᠂ ᠰᠢᠨ᠎ᠡ ᠰᠤᠷᠲᠠᠯ ᠢ ᠪᠤᠢ ᠪᠤᠯᠭᠠᠬᠤ᠂ | ᠨᠠᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠥᠭᠡᠷᠡᠴᠢᠯᠡᠯᠲᠡ ᠬᠢᠬᠦ ᠳᠤ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠬᠠᠷᠠᠯᠲᠠ ᠪᠠᠷ ᠤᠳᠤᠷᠢᠳᠤᠮᠵᠢ | ᠪᠤᠯᠭᠠᠬᠤ ᠶᠢ ᠪᠠᠷᠢᠮᠲᠠᠯᠠᠵᠤ᠂ ᠥᠪᠥᠷ ᠮᠣᠩᠭᠤᠯ ᠵᠠᠬ᠎ᠠ ᠳᠡᠯᠭᠡᠭᠦᠷ ᠤᠨ ᠤᠬᠠᠮᠰᠠᠷ ᠴᠢᠩᠭ᠎ᠠ ᠪᠢᠰᠢ ᠪᠠᠶᠢᠬᠤ ᠠᠰᠠᠭᠤᠳᠠᠯ ᠢᠶᠠᠨ ᠰᠢᠢᠳᠪᠦᠷᠢᠯᠡᠬᠦ ᠶᠢ ᠲᠤᠯᠭᠠᠮ | ᠱᠠᠭᠠᠷᠳᠠᠵᠤ ᠪᠠᠶᠢᠨ᠎ᠠ᠃ ᠨᠠᠮ ᠤᠨ ᠲᠥᠪ ᠬᠤᠷᠢᠶᠠᠨ ᠤ ︽ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠢ ᠪᠠᠶᠢᠭᠤᠯᠬᠤ︾ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ | ᠬᠡᠷᠡᠭᠯᠡᠨ᠂ ᠵᠠᠬ᠎ᠠ ᠳᠡᠯᠭᠡᠭᠦᠷᠴᠢᠯᠡᠬᠦ ᠰᠡᠳᠬᠢᠬᠦᠢ ᠪᠠᠷ ᠠᠵᠢᠯ ᠢᠶᠠᠨ ᠠᠬᠢᠭᠤᠯᠬᠤ ᠴᠢᠳᠠᠪᠤᠷᠢ ᠪᠠᠨ ᠴᠢᠩᠭᠠᠳᠬᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠳᠤ ᠨᠡᠩ | ᠢᠯᠡᠭᠦᠦ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠤᠯᠠᠨ ᠲᠦᠮᠡᠨ ᠢ ᠬᠥᠲᠥᠯᠥᠨ ᠵᠢᠯᠤᠭᠤᠳᠴᠤ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠳᠤ ᠣᠷᠣᠯᠴᠠᠭᠤᠯᠵᠤ᠂ ᠤᠯᠠᠨ ᠢ ᠬᠠᠮᠲᠤ ᠪᠠᠷ ᠵᠣᠷᠢᠭᠤᠯᠬᠤ ᠳᠤᠮᠳᠠ ᠡᠯ᠎ᠡ ᠲᠦᠷᠦᠯ ᠤᠨ ᠬᠥᠭᠵᠢᠯᠲᠡ ᠶᠢᠨ ᠦᠷ᠎ᠡ | ᠪᠦᠲᠦᠭᠡᠯ ᠢ ᠡᠳ᠋ᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠥᠭᠡᠷᠡᠴᠢᠯᠡᠯᠲᠡ ᠨᠢ ᠮᠥᠨ ᠴᠢᠨᠠᠷ ᠳᠡᠭᠡᠷ᠎ᠡ ᠪᠠᠨ ᠪᠣᠯ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠠᠪᠤᠳᠠᠯ ᠮᠥᠨ᠂ ᠡᠷᠬᠡᠪᠰᠢ | ᠲᠦᠭᠵᠢᠮᠡᠯ ᠬᠡᠪᠰᠢᠮᠡᠯ ᠦᠵᠡᠯᠲᠡ ᠶᠢ ᠲᠦᠷᠭᠡᠨ ᠢᠶᠠᠷ ᠬᠤᠪᠢᠷᠠᠭᠤᠯᠵᠤ᠂ ᠳᠦᠷᠢᠮ ᠭᠤᠷᠢᠮ ᠠᠴᠠ ᠦᠰᠦᠷᠦᠨ ᠭᠠᠷᠴᠤ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ | ᠬᠢᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠢᠵᠠᠭᠠᠷᠯᠠᠵᠤ ᠪᠠᠶᠢᠭ᠎ᠠ ᠬᠠᠭᠤᠴᠢᠨ ᠳᠦᠷᠢᠮ ᠲᠣᠭᠲᠠᠭᠠᠯ ᠢ ᠪᠦᠭᠦ ᠲᠠᠯ᠎ᠠ ᠪᠠᠷ ᠠᠷᠢᠯᠭᠠᠵᠤ᠂ | ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ | ᠦᠨᠡᠨ ᠬᠦ ᠥᠭᠡᠷᠡᠴᠢᠯᠡᠭᠴᠢ ᠳᠤ ᠬᠠᠷᠢᠭᠤᠴᠠᠵᠤ᠂ ᠰᠢᠨ᠎ᠡ ᠶᠢ ᠡᠭᠦᠳᠦᠭᠴᠢ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠥᠪᠥᠷ ᠮᠣᠩᠭᠤᠯ ᠤᠨ ᠬᠥᠭᠵᠢᠯᠲᠡ ᠶᠢᠨ ᠶᠡᠭᠡ ᠰᠡᠳᠬᠢᠴᠡ ᠪᠠ ᠴᠢᠭᠯᠡᠯ ᠪᠣᠯ ᠲᠣᠳᠣᠷᠬᠠᠢ ᠪᠥᠭᠡᠳ ᠲᠣᠳᠣ ᠶᠤᠮ᠂ ᠢᠮᠠᠭᠲᠠ | ᠳᠡᠩᠰᠡᠯᠭᠡᠬᠦ ᠦᠭᠡᠢ ᠪᠠᠶᠢᠵᠤ᠂ ᠬᠠᠷᠠᠯᠲᠠ ᠪᠠᠨ ᠣᠨᠢᠯᠠᠨ ᠤᠷᠤᠭᠰᠢ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ | ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠬᠡᠷᠡᠭᠯᠡᠭᠡ ᠶᠢ ᠥᠷᠭᠡᠳᠬᠡᠬᠦ᠂ ᠥᠷᠢ ᠥᠭᠴᠡᠭᠡ ᠶᠢ ᠠᠷᠢᠯᠭᠠᠬᠤ ᠵᠡᠷᠭᠡ ᠠᠵᠢᠯ ᠢ ᠪᠦᠭᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠪᠦᠭᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠭᠦ ᠲᠠᠯ᠎ᠠ ᠪᠠᠷ ᠪᠦᠷᠢᠳᠬᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠡᠮᠦᠨᠡᠬᠢ ᠬᠤᠭᠤᠴᠠᠭᠠᠨ ᠤ ᠰᠤᠳᠤᠯᠭᠠᠨ ᠢ ᠡᠷᠲᠡᠬᠡᠨ ᠥᠷᠨᠢᠭᠦᠯᠬᠦ ᠬᠡᠷᠡᠭᠲᠡᠢ᠃ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ ᠵᠣᠷᠢᠭᠲᠠᠢ ᠪᠥᠭᠡᠳ | ᠬᠦᠴᠦᠲᠡᠢ ᠪᠠᠷ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠠᠬᠢᠴᠠ ᠨᠢ ᠲᠦᠷᠭᠡᠨ | ᠪᠠᠶᠢᠬᠤ ᠶᠢ ᠨᠢ ᠪᠠᠲᠤᠯᠠᠵᠤ᠂ ᠤᠳᠠᠭᠠᠨ ᠪᠠᠶᠢᠬᠤ ᠶᠢ ᠨᠢ ᠭᠦᠢᠴᠡᠵᠦ ᠠᠮᠵᠢᠭᠤᠯᠬᠤ ᠭᠡᠷᠡᠭᠲᠡᠶ︔ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠳᠤ ︽ᠬᠤᠭᠤᠰᠤᠨ᠂ ᠪᠦᠳᠦᠭᠦᠯᠢᠭ᠂ ᠨᠠᠷᠮᠠᠢ︾ | ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ | ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠶᠢ ᠠᠬᠢᠭᠤᠯᠵᠤ ᠨᠠᠩ ᠣᠯᠠᠨ ᠦᠷ᠎ᠡ ᠪᠦᠲᠦᠭᠡᠯ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠦᠭᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ | ᠣᠶᠢᠯᠠᠭᠠᠵᠤ ᠲᠤᠭᠤᠷᠠᠲᠠᠯ᠎ᠠ ᠮᠡᠳᠡᠵᠤ ᠪᠣᠳᠠᠲᠠᠢ ᠬᠢᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤ ᠤᠷᠳᠤ ᠬᠤᠭᠤᠴᠠᠭ᠎ᠠ ᠪᠦᠳᠦᠮᠵᠢᠳᠡᠢ ᠰᠠᠶᠢᠲᠤᠷ ᠠᠳᠬᠤᠵᠤ᠂ ᠢᠯᠵᠠᠷᠠᠯ ᠢ ᠡᠰᠡᠷᠭᠦᠴᠡᠵᠦ ᠠᠷᠢᠭᠤᠨ | ᠴᠢᠬᠡᠴᠢ ᠶᠢ ᠡᠷᠭᠢᠮᠯᠡᠭᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠷᠬᠡᠪᠰᠢ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠡᠯ᠎ᠡ ᠵᠦᠢᠯ ᠤᠨ ᠠᠷᠬᠠᠭ | ᠭᠡᠮ ᠪᠠ ᠡᠮᠬᠢ ᠵᠢᠷᠤᠮ ᠦᠭᠡᠢ ᠦᠵᠡᠭᠳᠡᠯ ᠢ ᠶᠡᠭᠡ ᠬᠦᠴᠦ ᠣᠷᠣᠭᠤᠯᠤᠨ ᠴᠡᠭᠴᠡᠯᠡᠨ ᠵᠠᠰᠠᠵᠤ᠂ ᠬᠥᠮᠥᠨ ᠪᠦᠭᠦᠨ ᠳᠦᠷᠢᠮ ᠲᠣᠭᠲᠠᠭᠠᠯ ᠢ ᠵᠢᠷᠤᠮᠯᠠᠨ ᠬᠠᠤᠯᠢ ᠶᠢ | ᠰᠠᠬᠢᠬᠤ᠂ ᠤᠴᠢᠷ ᠶᠠᠪᠤᠳᠠᠯ ᠪᠣᠯᠭᠠᠨ ᠢ ᠳᠦᠷᠢᠮ ᠶᠣᠰᠣᠭᠠᠷ ᠰᠢᠢᠳᠪᠦᠷᠢᠯᠡᠬᠦ᠂ ᠨᠡᠶᠢᠭᠡᠮ ᠡᠮᠬᠢ ᠵᠢᠷᠤᠮ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠶᠢ | ᠠᠬᠢᠭᠤᠯᠬᠤ ᠬᠡᠷᠡᠭᠲᠡᠢ᠃ ᠡᠷᠬᠡᠪᠰᠢ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠦᠵᠡᠯ ᠤᠬᠠᠮᠰᠠᠷ ᠤᠨ ᠭᠡᠯᠪᠡᠷᠢ᠂ ᠠᠶᠤᠯᠭᠦᠢ | ᠦᠢᠯᠡᠳᠪᠦᠷᠢᠯᠡᠯ ᠵᠡᠷᠭᠡ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ | ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠦᠷᠢᠨᠰᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ ᠡᠷᠬᠡᠪᠰᠢ ᠪᠦᠭᠦ | ᠨᠡᠶᠢᠭᠡᠮ ᠤᠨ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠲᠠᠶᠢᠴᠢᠯᠠᠵᠤ᠂ ᠵᠢᠳᠬᠦᠯ ᠴᠢᠷᠮᠠᠶᠢᠯᠭ᠎ᠠ ᠭᠠᠷᠭᠠᠭᠰᠠᠳ ᠥᠩᠭᠡ ᠭᠡᠷᠡᠯᠲᠡᠢ᠂ ᠵᠢᠳᠬᠦᠯ ᠴᠢᠷᠮᠠᠶᠢᠯᠭ᠎ᠠ | ᠦᠭᠡᠢ ᠬᠥᠮᠥᠰ ᠢᠴᠢᠭᠦᠷᠢᠲᠡᠢ ᠪᠠᠶᠢᠬᠤ ᠠᠭᠤᠷ ᠠᠮᠢᠰᠬᠤᠯ ᠢ ᠪᠤᠢ ᠪᠤᠯᠭᠠᠵᠤ᠂ ᠬᠥᠮᠥᠨ ᠪᠦᠭᠦᠨ ᠠᠵᠢᠯ ᠬᠢᠵᠦ ᠦᠢᠯᠡᠰ ᠪᠣᠰᠬᠠᠬᠤ᠂ ᠭᠡᠷ ᠪᠣᠯᠭᠠᠨ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ᠂ ᠤᠯᠠᠨ ᠢᠶᠠᠷ ᠢᠶᠠᠨ ᠬᠠᠮᠲᠤ ᠪᠠᠷ ᠠᠵᠢᠯᠯᠠᠵᠤ ᠬᠠᠮᠲᠤ ᠪᠠᠷ ᠦᠷ᠎ᠡ ᠪᠦᠲᠦᠭᠡᠯ ᠢ ᠡᠳ᠋ᠯᠡᠬᠦ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠪᠦᠭᠦᠳᠡ ᠬᠤᠷᠠᠯ ᠠᠴᠠ ᠪᠤᠤ ᠭᠦᠸᠧ ᠴᠢᠤᠸᠠᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠲᠤᠬᠠᠢ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠭᠦᠨ ᠠᠴᠠ ᠡᠮᠦᠨ᠎ᠡ ᠲᠣᠭᠲᠠᠭᠠᠭᠰᠠᠨ ᠪᠤᠤ ᠭᠦᠸᠧ ᠴᠢᠤᠸᠠᠨ ᠢ ᠨᠠᠮ ᠠᠴᠠ | ᠬᠥᠭᠡᠭᠡᠬᠦ ᠰᠢᠢᠳᠬᠡᠯ ᠢ ᠨᠤᠲᠠᠯᠠᠪᠠ᠃ | ᠪᠦᠭᠦᠳᠡ ᠬᠤᠷᠠᠯ ᠠᠴᠠ᠂ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠣᠯᠠᠨ ᠲᠦᠮᠡᠨ ᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠭᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠵᠤ᠂ | ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠲᠡᠶᠢᠰᠢ ᠲᠣᠮᠣ ᠠᠯᠬᠤᠮ ᠢᠶᠠᠷ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ | ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠤᠷᠢᠶᠠᠯᠠᠪᠠ᠃ | |