8 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠯᠥᠨ ᠪᠤᠶᠢᠷ ᠬᠤᠳᠠ ᠶᠢᠨ | ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ | ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠲᠡᠷᠡ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ | ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠤᠬᠠᠭᠠᠯᠠᠨ ᠲᠥᠯᠥᠪᠯᠡᠨ ᠬᠡᠷᠡᠭᠵᠢᠭᠦᠯᠵᠦ᠂ ᠣᠯᠠᠨ ᠲᠦᠮᠡᠨ ᠢ ᠥᠭᠡᠷᠡᠴᠢᠯᠡᠯᠲᠡ ᠶᠢ ᠨᠠᠩ ᠢᠯᠡᠭᠦᠦ ᠣᠶᠢᠯᠠᠭᠠᠨ ᠳᠡᠮᠵᠢᠬᠦ ᠪᠤᠯᠭᠠᠵᠤ᠂ ᠤᠯᠠᠨ ᠲᠦᠮᠡᠨ ᠳᠤ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠨᠠᠩ ᠰᠠᠶᠢᠲᠤᠷ ᠬᠠᠮᠲᠤ ᠪᠠᠷ ᠡᠳ᠋ᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | | ᠬᠠᠨᠳᠠᠭᠠᠢ ᠰᠤᠮᠤ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠰᠦᠨ ᠱᠤᠤ ᠴᠧᠩ ᠲᠤᠬᠠᠢ ᠶᠢᠨ ᠭᠠᠵᠠᠷ ᠤᠨ ᠨᠠᠮ ᠤᠨ | ᠭᠡᠰᠢᠭᠦᠨ ᠺᠠᠳ᠋ᠷ ᠣᠯᠠᠨ ᠲᠦᠮᠡᠨ ᠤ ᠲᠥᠯᠥᠭᠡᠯᠡᠭᠴᠢᠳ ᠲᠠᠢ ᠬᠠᠮᠲᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢᠨ ᠲᠣᠭᠤᠷᠢᠨ ᠳᠤ ᠣᠯᠣᠯᠲᠠ ᠲᠥᠷᠥᠭᠳᠡᠯ ᠢᠶᠠᠨ ᠰᠣᠯᠢᠯᠴᠠᠪᠠ᠃ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ | ᠨᠠᠢ ᠪᠢᠨ᠂ ᠬᠠᠨᠳᠠᠭᠠᠢ ᠰᠤᠮᠤ ᠶᠢᠨ ᠨᠠᠮ ᠤᠨ ᠬᠤᠷᠢᠶᠠᠨ ᠤ ᠱᠦᠵᠢ ᠦ᠋ ᠶᠦᠩ ᠵᠦ᠂ ᠬᠠᠨᠳᠠᠭᠠᠢ ᠭᠠᠴᠠᠭᠠᠨ ᠤ ᠨᠠᠮ ᠤᠨ ᠡᠭᠦᠷ ᠤᠨ ᠱᠦᠵᠢ ᠰᠦᠩ ᠾᠧ ᠫᠧᠩ᠂ | ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠠᠨᠳᠠᠭᠠᠢ ᠭᠠᠴᠠᠭᠠᠨ ᠤ ᠮᠠᠯᠴᠢᠨ ᠵᠢᠶᠠ ᠴᠦᠨ ᠵᠢᠶᠧ᠂ | ᠬᠠᠨᠳᠠᠭᠠᠢ ᠭᠠᠴᠠᠭᠠᠨ ᠤ ᠨᠠᠮ ᠤᠨ ᠭᠡᠰᠢᠭᠦᠨ ᠮᠠᠯᠴᠢᠨ ᠰᠦᠩ ᠰᠢᠶᠣᠣ ᠵᠢᠶᠦ᠋ᠨ ᠤᠷᠢᠳ ᠬᠤᠵᠢᠳ ᠦᠭᠡ ᠬᠡᠯᠡᠪᠡ᠃ ᠤᠯᠠᠨ ᠢᠶᠠᠷ ᠢᠶᠠᠨ ᠠᠳᠠᠯᠢ ᠪᠤᠰᠤ | ᠬᠠᠷᠠᠭᠠᠰᠤ ᠠᠴᠠ ᠲᠠᠨᠢᠯᠲᠠ ᠪᠠ ᠲᠥᠷᠥᠭᠳᠡᠯ ᠢᠶᠠᠨ ᠶᠠᠷᠢᠵᠤ᠂ ᠥᠭᠡᠷᠡᠴᠢᠯᠡᠯᠲᠡ ᠪᠠ ᠬᠥᠭᠵᠢᠯᠲᠡ ᠶᠢ ᠶᠠᠷᠢᠯᠴᠠᠵᠤ᠂ ᠰᠦᠨ ᠱᠤᠤ ᠴᠧᠩ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠨᠥᠬᠦᠳ ᠲᠠᠢ ᠶᠠᠷᠢᠯᠴᠠᠨ ᠰᠣᠯᠢᠯᠴᠠᠨ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃ | ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ | ᠪᠠᠶᠢᠳᠠᠯ ᠢ ᠲᠠᠨᠢᠯᠴᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ | ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠵᠡᠷᠭᠡ ᠶᠢᠨ ᠲᠣᠭᠤᠷᠢᠨ ᠳᠤ ᠪᠦᠭᠦᠳᠡ ᠬᠤᠷᠠᠯ ᠤᠨ ᠵᠣᠷᠢᠭ | ᠰᠠᠨᠠᠭ᠎ᠠ ᠳᠤ ᠲᠠᠶᠢᠯᠤᠮᠵᠢ ᠬᠢᠪᠡ᠃ ᠲᠡᠷᠡ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ | ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠭᠦ ᠲᠠᠯ᠎ᠠ ᠳᠤ ᠬᠤᠯᠪᠣᠭᠳᠠᠬᠤ ᠪᠥᠭᠡᠳ ᠦᠨᠳᠦᠰᠦᠨ ᠱᠠᠲᠤᠨ ᠤ ᠠᠵᠢᠯ ᠪᠣᠯᠣᠨ ᠠᠷᠠᠳ | ᠢᠷᠭᠡᠳ ᠤᠨ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠤᠭ᠎ᠠ ᠲᠠᠢ ᠶᠤᠮ᠃ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠡᠩ ᠲᠡᠷᠢᠭᠦᠨ ᠳᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶᠢᠯᠠᠭᠠᠵᠤ᠂ | ᠭᠦᠨᠵᠡᠭᠡᠢ ᠣᠶᠢᠯᠠᠭᠠᠨ ᠡᠵᠡᠮᠰᠢᠵᠦ᠂ ᠥᠭᠡᠷᠡᠴᠢᠯᠡᠯᠲᠡ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ | ᠭᠦᠨᠵᠡᠭᠡᠢ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠬᠤ ᠶᠢ ᠪᠡᠶᠡᠯᠡᠭᠦᠯᠵᠦ᠂ ᠲᠡᠭᠦᠨ ᠤ ᠮᠥᠨ ᠴᠢᠨᠠᠷ ᠢ ᠮᠡᠳᠡᠬᠦ ᠪᠠᠷ ᠪᠠᠷᠠᠬᠤ ᠦᠭᠡᠢ ᠨᠡᠩ ᠴᠤ ᠤᠴᠢᠷ | ᠰᠢᠯᠲᠠᠭᠠᠨ ᠢ ᠨᠢ ᠮᠡᠳᠡᠬᠦ ᠬᠡᠷᠡᠭᠲᠡᠢ ᠭᠡᠵᠡᠢ᠃ | ᠰᠦᠨ ᠱᠤᠤ ᠴᠧᠩ᠂ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠳᠠᠭᠠᠨ ᠬᠤᠭᠤᠰᠤᠨ | ᠤᠷᠢᠶ᠎ᠠ ᠬᠠᠰᠬᠢᠷᠴᠤ ᠪᠤᠯᠬᠤ ᠦᠭᠡᠢ᠂ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠡᠳ ᠣᠯᠣᠭᠰᠠᠨ ᠴᠢᠬᠤᠯᠠ | ᠶᠡᠭᠡ ᠦᠷ᠎ᠡ ᠪᠦᠲᠦᠭᠡᠯ ᠢ ᠤᠬᠠᠭᠤᠯᠬᠤ ᠲᠠᠢ ᠤᠶᠠᠯᠳᠤᠭᠤᠯᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ | ᠣᠯᠠᠨ ᠲᠦᠮᠡᠨᠴᠢ ᠬᠥᠮᠦᠵᠢᠯ ᠲᠠᠢ ᠤᠶᠠᠯᠳᠤᠭᠤᠯᠵᠤ᠂ ᠳᠥᠭᠦᠮ ᠣᠶᠢᠯᠠᠭᠠᠮᠵᠢᠲᠠᠢ ᠦᠭᠡ ᠪᠠ ᠠᠷᠠᠳ ᠣᠯᠠᠨ ᠤ ᠮᠡᠳᠡᠵᠦ ᠳᠡᠶᠢᠯᠭᠦ ᠶᠠᠪᠤᠳᠠᠯ ᠢᠶᠠᠷ ᠶᠣᠰᠣ ᠤᠴᠢᠷ ᠢ | ᠲᠣᠳᠣᠷᠬᠠᠢ ᠶᠠᠷᠢᠵᠤ᠂ ᠥᠨᠥᠳᠥᠷ ᠤᠨ ᠵᠣᠯ ᠵᠢᠷᠭᠠᠯᠲᠤ ᠠᠮᠢᠳᠤᠷᠠᠯ ᠬᠠᠮᠢᠭ᠎ᠠ ᠠᠴᠠ ᠢᠷᠡᠭᠰᠡᠨ᠂ ᠶᠠᠭᠠᠬᠢᠭᠠᠳ ᠡᠶᠢᠮᠦ ᠶᠡᠭᠡ ᠬᠤᠪᠢᠷᠠᠯᠲᠠ ᠲᠠᠢ ᠪᠣᠯᠤᠭᠰᠠᠨ᠂ | ᠬᠤᠶᠢᠰᠢᠳᠠ ᠥᠭᠡᠷᠡᠴᠢᠯᠡᠯᠲᠡ ᠶᠢ ᠬᠡᠷᠬᠢᠨ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠡᠳᠡᠭ ᠢ ᠤᠯᠠᠨ ᠳᠤ ᠦᠨᠡᠨ ᠬᠦ ᠮᠡᠳᠡᠭᠦᠯᠵᠦ᠂ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠠᠩ ᠭᠦᠨᠵᠡᠭᠡᠢ ᠣᠶᠢᠯᠠᠭᠠᠭᠤᠯᠵᠤ᠂ ︽ᠬᠤᠶᠠᠷ ᠢ ᠬᠠᠮᠠᠭᠠᠯᠠᠬᠤ︾ ᠶᠢ ᠨᠠᠩ ᠡᠷᠡᠰ ᠪᠠᠲᠤ | ᠤᠬᠠᠮᠰᠠᠷ ᠠᠴᠠ ᠪᠠᠨ ᠪᠡᠶᠡᠯᠡᠭᠦᠯᠬᠦ ᠬᠡᠷᠡᠭᠲᠡᠢ ᠭᠡᠵᠡᠢ᠃ | ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠠᠴᠠ ᠭᠠᠴᠠᠭ᠎ᠠ ᠲᠣᠰᠬᠤᠨ ᠬᠦᠷᠲᠡᠯᠡᠬᠢ ᠡᠯ᠎ᠡ ᠱᠠᠲᠤ ᠳᠠᠪᠬᠤᠷᠭ᠎ᠠ ᠶᠢᠨ ᠡᠭᠦᠷᠭᠡ ᠬᠠᠷᠢᠭᠤᠴᠠᠯᠭ᠎ᠠ | ᠠᠳᠠᠯᠢ ᠪᠤᠰᠤ᠂ ᠡᠯ᠎ᠡ ᠭᠠᠵᠠᠷ ᠣᠷᠣᠨ ᠤ ᠪᠠᠶᠢᠳᠠᠯ ᠴᠤ ᠪᠦᠷᠢᠮᠦᠰᠦᠨ ᠠᠳᠠᠯᠢ ᠪᠢᠰᠢ᠂ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠵᠠᠪᠠᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ ᠥᠭᠡᠷᠡᠴᠢᠯᠡᠯᠲᠡ ᠶᠢᠨ ᠬᠦᠴᠦᠯᠡᠬᠦ ᠴᠡᠭ ᠢ ᠣᠨᠣᠪᠴᠢᠲᠠᠢ ᠣᠯᠵᠤ᠂ ᠳᠡᠭᠡᠷ᠎ᠡ ᠠᠴᠠ ᠳᠣᠷᠣᠭᠰᠢ ᠪᠠᠨ | ᠡᠭᠡᠭᠡ ᠠᠳᠠᠯᠢ᠂ ᠵᠡᠭᠦᠨ ᠠᠴᠠ ᠪᠠᠷᠠᠭᠤᠨᠰᠢ ᠡᠭᠡᠭᠡ ᠠᠳᠠᠯᠢ ᠪᠠᠶᠢᠬᠤ ᠶᠢ ᠡᠷᠡᠰ ᠴᠡᠭᠡᠷᠯᠡᠬᠦ ᠬᠡᠷᠡᠭᠲᠡᠢ᠃ ᠦᠨᠳᠦᠰᠦᠨ ᠱᠠᠲᠤᠨ ᠳᠤ ᠠᠪᠴᠤ ᠬᠡᠯᠡᠪᠡᠯ ᠣᠯᠠᠨ ᠲᠦᠮᠡᠨ ᠢ | ᠬᠡᠷᠬᠢᠨ ᠬᠥᠲᠥᠯᠥᠨ ᠵᠢᠯᠤᠭᠤᠳᠴᠤ ᠤᠬᠠᠮᠰᠠᠷ ᠠᠴᠠ ᠪᠠᠨ ᠨᠤᠲᠤᠭ ᠪᠡᠯᠴᠢᠭᠡᠷ ᠢ ᠬᠠᠶᠢᠷᠠᠯᠠᠨ ᠬᠠᠮᠠᠭᠠᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ | ᠠᠮᠠᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠰᠢᠶᠠᠯᠠᠨ ᠲᠡᠵᠢᠭᠡᠵᠦ ᠬᠤᠷᠢᠵᠤ ᠲᠡᠵᠢᠭᠡᠬᠦ ᠶᠢ ᠢᠳᠡᠪᠬᠢᠲᠡᠢ ᠬᠥᠭᠵᠢᠭᠦᠯᠵᠦ᠂ | ᠳᠠᠭᠠᠭᠠᠴᠠ ᠠᠴᠠ ᠬᠡᠲᠦᠷᠡᠭᠦᠯᠦᠨ ᠮᠠᠯᠵᠢᠵᠤ ᠨᠤᠲᠤᠭ ᠪᠡᠯᠴᠢᠭᠡᠷ ᠮᠠᠭᠤᠳᠠᠬᠤ ᠠᠴᠠ ᠵᠠᠶᠢᠯᠠᠰᠬᠢᠬᠦ ᠪᠤᠶ︔ ᠬᠡᠷᠬᠢᠨ ᠬᠢᠯᠢ ᠬᠢᠵᠠᠭᠠᠷ ᠣᠷᠣᠨ ᠤ ᠬᠥᠮᠥᠰ ᠢ ᠦᠯᠡᠳᠡᠭᠡᠵᠦ᠂ | ᠨᠠᠩ ᠣᠯᠠᠨ ᠬᠥᠮᠥᠰ ᠢ ᠬᠢᠯᠢ ᠬᠢᠵᠠᠭᠠᠷ ᠣᠷᠣᠨ ᠳᠤ ᠣᠴᠢᠭᠤᠯᠵᠤ ᠠᠵᠢᠯ ᠣᠯᠭᠤᠨ ᠦᠢᠯᠡᠰ ᠪᠣᠰᠬᠠᠬᠤ ᠶᠢ ᠪᠡᠶᠡᠯᠡᠭᠦᠯᠵᠦ᠂ ᠬᠢᠯᠢ ᠶᠢ ᠰᠠᠬᠢᠵᠤ ᠬᠢᠯᠢ ᠶᠢ | ᠬᠠᠮᠠᠭᠠᠯᠠᠬᠤ ᠬᠥᠮᠥᠨ ᠦᠭᠡᠢ ᠪᠤᠯᠬᠤ ᠠᠴᠠ ᠵᠠᠶᠢᠯᠠᠰᠬᠢᠬᠦ ᠪᠤᠶ︔ ᠬᠡᠷᠬᠢᠨ ᠣᠯᠠᠨ ᠲᠦᠮᠡᠨ ᠤ ᠡᠪᠡᠳᠴᠢᠨ ᠦᠵᠡᠭᠦᠯᠭᠦ ᠶᠢ ᠨᠠᠩ ᠳᠥᠭᠦᠮ ᠪᠤᠯᠭᠠᠬᠤ ᠪᠤᠢ︔ ᠬᠡᠷᠬᠢᠨ | ᠪᠣᠯᠬᠢ ᠳᠠᠳᠬᠠᠯ ᠢ ᠥᠭᠡᠷᠡᠴᠢᠯᠡᠵᠦ ᠪᠣᠯᠪᠠᠰᠤᠨ ᠬᠡᠪ ᠰᠤᠷᠲᠠᠯ ᠢ ᠪᠤᠢ ᠪᠤᠯᠭᠠᠬᠤ ᠶᠢ ᠠᠬᠢᠭᠤᠯᠬᠤ ᠪᠤᠶ︔ ᠬᠡᠷᠬᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ | ᠴᠢᠩᠭᠠᠳᠬᠠᠨ ᠰᠠᠶᠢᠵᠢᠷᠠᠭᠤᠯᠵᠤ᠂ ᠤᠯᠠᠨ ᠤ ᠡᠵᠡᠨ ᠬᠥᠮᠥᠨ ᠤ ᠤᠬᠠᠮᠰᠠᠷ᠂ ᠬᠠᠮᠲᠤ ᠶᠢᠨ ᠤᠬᠠᠮᠰᠠᠷ ᠢ ᠳᠡᠭᠡᠭᠰᠢᠯᠡᠭᠦᠯᠵᠦ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠬᠠᠷᠢᠯᠴᠠᠨ ᠲᠤᠰᠠᠯᠠᠯᠴᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠭᠡᠬᠦ ᠮᠡᠲᠦ ᠪᠤᠢ᠃ ᠡᠳᠡᠭᠡᠷ ᠪᠣᠯ | ᠴᠥᠮ ᠥᠭᠡᠷᠡᠴᠢᠯᠡᠯᠲᠡ ᠪᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠢ ᠪᠣᠳᠠᠲᠠᠢ ᠠᠰᠠᠭᠤᠳᠠᠯ ᠮᠥᠨ᠂ ᠪᠢᠳᠡ ᠥᠭᠡᠷᠡᠴᠢᠯᠡᠯᠲᠡ ᠶᠢ ᠠᠳᠬᠤᠬᠤ᠂ ᠪᠡᠷᠬᠡ | ᠠᠰᠠᠭᠤᠳᠠᠯ ᠢ ᠰᠢᠢᠳᠪᠦᠷᠢᠯᠡᠬᠦ ᠳᠤᠮᠳᠠ ᠤᠯᠠᠨ ᠲᠦᠮᠡᠨ ᠤ ᠬᠦᠷᠢᠶᠡᠯᠡᠯ ᠢ ᠣᠯᠣᠭᠰᠠᠨ᠂ ᠤᠯᠠᠨ ᠲᠦᠮᠡᠨ ᠳᠤ ᠬᠠᠨᠤᠮᠵᠢᠲᠠᠢ ᠪᠣᠳᠠᠲᠤ ᠶᠠᠪᠤᠳᠠᠯ ᠰᠠᠶᠢᠨ ᠶᠠᠪᠤᠳᠠᠯ ᠢ | ᠦᠨᠡᠨ ᠪᠣᠳᠠᠲᠠᠢ ᠬᠢᠵᠦ ᠪᠦᠲᠦᠭᠡᠵᠦ᠂ ᠤᠯᠠᠨ ᠲᠦᠮᠡᠨ ᠤ ᠠᠮᠢᠳᠤᠷᠠᠯ ᠢ ᠤᠯᠠᠮ ᠠᠴᠠ ᠤᠯᠠᠮ ᠰᠠᠶᠢᠨ ᠪᠤᠯᠭᠠᠵᠤ᠂ ᠦᠨᠳᠦᠰᠦᠨ ᠱᠠᠲᠤᠨ ᠤ ᠨᠡᠶᠢᠭᠡᠮ ᠢ ᠨᠡᠩ ᠡᠶ᠎ᠡ | ᠵᠣᠬᠢᠴᠠᠩᠭᠤᠢ ᠡᠮᠬᠢ ᠵᠢᠷᠤᠮ ᠲᠠᠢ ᠪᠤᠯᠭᠠᠬᠤ ᠬᠡᠷᠡᠭᠲᠡᠢ ᠭᠡᠵᠡᠢ᠃ | ᠤᠬᠠᠭᠤᠯᠤᠨ ᠲᠠᠶᠢᠯᠪᠤᠷᠢᠯᠠᠯᠲᠠ ᠲᠡᠭᠦᠰᠬᠦ ᠦᠶ᠎ᠡ ᠳᠤ ᠰᠦᠨ ᠱᠤᠤ ᠴᠧᠩ ᠤᠯᠠᠨ ᠠᠴᠠ ᠤᠳᠤ ᠭᠠᠴᠠᠭ᠎ᠠ ᠳᠤ ᠪᠠᠰᠠ ᠶᠠᠮᠠᠷ ᠶᠠᠮᠠᠷ ᠬᠦᠴᠢᠷᠳᠡᠯ ᠪᠠᠶᠢᠬᠤ᠂ | ᠶᠠᠮᠠᠷ ᠠᠵᠢᠯ ᠢ ᠥᠷᠨᠢᠭᠦᠯᠬᠦ ᠳᠤ ᠬᠠᠮᠤᠭ ᠤᠨ ᠬᠦᠴᠢᠷ ᠪᠠᠶᠢᠬᠤ ᠲᠤᠬᠠᠢ ᠬᠠᠯᠠᠮᠵᠢᠯᠠᠨ ᠠᠰᠠᠭᠤᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠢ | ᠠᠰᠠᠭᠤᠳᠠᠯ ᠢ ᠢᠯᠡᠷᠡᠭᠦᠯᠬᠦ ᠳᠡᠭᠡᠨ ᠰᠡᠷᠭᠡᠭ ᠪᠠᠶᠢᠵᠤ᠂ ᠵᠣᠷᠢᠭᠲᠠᠢ ᠪᠠᠷ ᠠᠰᠠᠭᠤᠳᠠᠯ ᠢ ᠳᠡᠭᠡᠭᠰᠢ ᠪᠠᠨ ᠲᠤᠰᠬᠠᠵᠤ᠂ ᠲᠠᠷᠢᠬᠢ ᠪᠠᠨ ᠬᠥᠳᠡᠯᠭᠡᠨ ᠠᠰᠠᠭᠤᠳᠠᠯ ᠢ | ᠰᠢᠢᠳᠪᠦᠷᠢᠯᠡᠵᠦ᠂ ᠦᠨᠡᠨᠬᠦ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠠᠵᠢᠯ ᠢᠶᠠᠨ ᠰᠠᠶᠢᠲᠤᠷ ᠬᠢᠵᠦ᠂ ᠨᠤᠲᠤᠭ ᠣᠷᠣᠨ ᠤ ᠠᠷᠠᠳ | ᠤᠯᠠᠨ ᠳᠠᠭᠠᠨ ᠪᠤᠶᠠᠨ ᠦᠢᠯᠡᠳᠬᠦ ᠬᠡᠷᠡᠭᠲᠡᠢ ᠭᠡᠵᠦ ᠵᠣᠷᠢᠭᠵᠢᠭᠤᠯᠪᠠ᠃ | ᠢᠦᠢ ᠯᠢ ᠰᠢᠨ ᠣᠷᠣᠯᠴᠠᠵᠠᠢ᠃ | |