ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠡᠪᠰᠡᠭᠲᠦ ᠴᠠᠭᠳᠠᠭ᠎ᠠ ᠶᠢᠨ ᠨᠢᠭᠡᠳᠦᠭᠡᠷ ᠪᠡᠯᠡᠳᠬᠡᠯ ᠶᠡᠷᠦᠩᠬᠡᠢ ᠠᠩᠭᠢ ᠶᠢᠨ ᠨᠢᠭᠡᠨ ᠰᠠᠯᠪᠤᠷᠢ ᠠᠩᠭᠢ ᠶᠢᠨ | ᠵᠢᠯᠣᠭᠤᠳᠤᠭᠴᠢ ᠪᠠᠶᠢᠯᠳᠤᠭᠴᠢᠳ ᠢ ᠲᠤᠰᠬᠠᠶᠢᠯᠠᠨ ᠡᠷᠭᠢᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠡᠮᠦᠨ᠎ᠡ ᠠᠴᠠ ᠲᠡᠳᠡᠨ ᠢ ᠴᠢᠩ ᠰᠡᠳᠬᠢᠯ ᠠᠴᠠ ᠪᠠᠨ ᠲᠣᠬᠤᠨᠢᠭᠤᠯᠤᠭᠰᠠᠨ ᠪᠥᠭᠡᠳ ᠲᠡᠳᠡᠨ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ | | ᠸᠠᠩ ᠯᠢ ᠰᠢᠶᠠ ᠰᠠᠯᠪᠤᠷᠢ ᠠᠩᠭᠢ ᠶᠢᠨ ᠢᠷᠠᠭᠤ ᠠᠯᠳᠠᠷ ᠤᠨ ᠲᠠᠰᠤᠬ ᠲᠤ ᠬᠦᠷᠴᠦ᠂ ᠭᠡᠷᠡᠯ ᠵᠢᠷᠤᠭ ᠪᠣᠯᠭᠠᠨ ᠤ ᠡᠮᠦᠨ᠎ᠡ ᠵᠣᠭᠰᠣᠵᠤ᠂ ᠰᠠᠯᠪᠤᠷᠢ | ᠠᠩᠭᠢ ᠶᠢᠨ ᠶᠠᠫᠤᠨ ᠢ ᠡᠰᠡᠷᠭᠦᠴᠡᠬᠦ ᠲᠠᠶᠢᠨ᠂ ᠴᠢᠯᠦᠭᠡᠯᠡᠬᠦ ᠲᠠᠶᠢᠨ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠵᠢᠴᠢ ᠡᠩᠬᠡ ᠲᠠᠶᠢᠪᠤᠩ ᠴᠠᠭ | ᠦᠶ᠎ᠡ ᠶᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠲᠡᠦᠬᠡᠨ ᠴᠠᠭ ᠦᠶ᠎ᠡ ᠳᠠᠬᠢ ᠪᠠᠶᠢᠯᠳᠤᠭᠠᠨ ᠤ ᠦᠯᠢᠭᠡᠷ ᠪᠣᠯᠣᠨ ᠪᠠᠭᠠᠲᠤᠷ ᠵᠢᠱᠢᠶᠡᠴᠢ ᠶᠢᠨ ᠦᠢᠯᠡ | ᠠᠵᠢᠯᠯᠠᠭ᠎ᠠ ᠶᠢ ᠨᠠᠷᠢᠨ ᠣᠶᠢᠯᠠᠭᠠᠵᠤ᠂ ᠵᠢᠯᠣᠭᠤᠳᠤᠭᠴᠢ ᠪᠠᠶᠢᠯᠳᠤᠭᠴᠢᠳ ᠲᠠᠢ ᠬᠠᠮᠲᠤ ᠰᠠᠯᠪᠤᠷᠢ ᠠᠩᠭᠢ ᠶᠢᠨ ᠢᠷᠠᠭᠤ ᠠᠯᠳᠠᠷᠲᠤ ᠲᠡᠦᠬᠡ ᠶᠢ ᠳᠠᠬᠢᠨᠲᠠ | ᠡᠷᠭᠢᠴᠡᠭᠦᠯᠪᠡ᠃ ᠲᠡᠷᠡ ᠰᠠᠯᠪᠤᠷᠢ ᠠᠩᠭᠢ ᠶᠢᠨ ᠳᠠᠷᠤᠭ᠎ᠠ ᠪᠠᠶᠢᠯᠳᠤᠭᠴᠢᠳ ᠢ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠬᠤᠷᠴᠠ ᠰᠡᠯᠡᠮ᠎ᠡ ᠶᠢᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂ ᠭᠠᠵᠠᠷ | ᠣᠷᠣᠨ ᠤ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠭᠠᠷᠠᠢ ᠭᠡᠵᠦ ᠵᠣᠷᠢᠬᠵᠢᠭᠤᠯᠪᠠ︔ ᠣᠷᠣᠨ ᠨᠤᠲᠤᠭ ᠤᠨ ᠵᠠᠰᠠᠭ ᠤᠨ ᠣᠷᠳᠣᠨ ᠢ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠬᠦ ᠪᠠ ᠪᠠᠲᠤᠯᠠᠬᠤ ᠠᠵᠢᠯ ᠢ ᠰᠠᠶᠢᠲᠤᠷ ᠬᠢᠵᠦ᠂ ᠠᠷᠭ᠎ᠠ ᠪᠦᠭᠦᠨ ᠢ | ᠰᠦᠪᠡᠭᠴᠢᠯᠡᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠬᠠᠪᠰᠤᠷᠤᠨ ᠬᠤᠶᠢᠰᠢᠳᠠ ᠶᠢᠨ ᠵᠣᠪᠠᠨᠢᠯ ᠢ ᠨᠢ ᠠᠷᠢᠯᠭᠠᠵᠤ ᠥᠭᠭᠦᠨ᠂ ᠥᠪᠡᠷᠲᠡᠭᠡᠨ ᠵᠠᠰᠠᠬᠤ | ᠣᠷᠣᠨ ᠳᠤ ᠰᠠᠭᠤᠭ᠎ᠠ ᠴᠡᠷᠢᠭ ᠠᠩᠭᠢ ᠲᠠᠢ ᠭᠠᠷ ᠬᠤᠯᠪᠣᠨ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ | ᠱᠠᠭᠠᠷᠳᠠᠪᠠ᠃ |