— ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠭᠤᠷᠪᠠᠨᠲᠠ | ᠥᠭᠦᠯᠡᠬᠦ ᠨᠢ | ᠡᠭᠦᠷᠭᠡ ᠬᠠᠷᠢᠭᠤᠴᠠᠯᠭ᠎ᠠ ᠬᠥᠭᠵᠢᠯᠲᠡ ᠶᠢᠨ ᠴᠢᠭᠯᠡᠯ ᠢ ᠬᠥᠲᠥᠯᠥᠨ ᠳᠠᠭᠠᠭᠤᠯᠵᠤ᠂ ᠬᠠᠷᠢᠭᠤᠴᠠᠯᠭ᠎ᠠ ᠤᠷᠤᠭᠰᠢᠯᠠᠯᠲᠠ ᠶᠢᠨ ᠬᠦᠴᠦᠨ ᠢ ᠨᠢᠭᠲᠠᠷᠠᠭᠤᠯᠤᠨ᠎ᠠ᠃ | ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠨᠠᠩ ᠶᠡᠭᠡ ᠰᠢᠪᠲᠤᠯᠤᠯᠲᠠ ᠭᠠᠷᠭᠠᠬᠤ ᠳᠤ᠂ ᠪᠦᠭᠦ ᠣᠷᠣᠨ ᠤ ᠥᠷᠭᠡᠨ | ᠣᠯᠠᠨ ᠨᠠᠮ ᠤᠨ ᠭᠡᠰᠢᠭᠦᠨ ᠺᠠᠳ᠋ᠷ ᠡᠷᠬᠡᠪᠰᠢ ᠰᠠᠶᠢᠲᠤᠷ ᠠᠵᠢᠯᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠢᠭᠤᠷᠬᠠᠶᠢᠯᠠᠨ ᠠᠵᠢᠯᠯᠠᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ | ᠺᠠᠳ᠋ᠷᠴᠤᠳ ᠡᠷᠬᠡᠪᠰᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠬᠡᠳᠦᠢ ᠶᠡᠭᠡ ᠬᠠᠷᠢᠭᠤᠴᠠᠯᠭ᠎ᠠ ᠲᠠᠢ ᠪᠣᠯ ᠲᠡᠳᠦᠢ ᠶᠡᠭᠡ ᠦᠢᠯᠡᠰ ᠢ ᠪᠦᠲᠦᠭᠡᠵᠦ ᠴᠢᠳᠠᠨ᠎ᠠ᠂ | ᠬᠡᠳᠦᠢ ᠶᠡᠭᠡ ᠪᠠᠷ ᠬᠠᠷᠢᠭᠤᠴᠠᠯᠭ᠎ᠠ ᠪᠠᠨ ᠭᠦᠢᠴᠡᠳᠬᠡᠪᠡᠯ ᠲᠡᠳᠦᠢ ᠶᠡᠭᠡ ᠠᠮᠵᠢᠯᠲᠠ ᠣᠯᠵᠤ ᠴᠢᠳᠠᠨ᠎ᠠ᠃ ᠥᠩᠭᠡᠷᠡᠭᠰᠡᠨ ᠨᠢᠭᠡ ᠵᠢᠯ ᠳᠤ᠂ ᠡᠯ᠎ᠡ ᠵᠦᠢᠯ ᠤᠨ | ᠬᠦᠴᠢᠷᠳᠡᠯ ᠪᠠ ᠥᠷᠢᠰᠦᠯᠳᠦᠭᠡᠨ ᠤ ᠡᠮᠦᠨ᠎ᠡ᠂ ᠥᠪᠥᠷ ᠮᠣᠩᠭᠤᠯ ᠤᠨ ᠬᠥᠭᠵᠢᠯᠲᠡ ᠮᠥᠨ ᠬᠦ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠥᠭᠡᠳᠡᠯᠡᠨ | ᠰᠠᠶᠢᠵᠢᠷᠠᠬᠤ ᠶᠢ ᠪᠡᠶᠡᠯᠡᠭᠦᠯᠪᠡ᠃ ᠡᠶᠢᠮᠦ ᠠᠮᠵᠢᠯᠲᠠ ᠪᠦᠲᠦᠮᠵᠢ ᠣᠯᠣᠭᠰᠠᠨ ᠨᠢ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠦᠯᠬᠦᠮᠳᠡᠨ | ᠨᠢᠭᠡᠳᠴᠦ᠂ ᠬᠦᠴᠢᠷ ᠢ ᠰᠥᠷᠦᠨ ᠤᠷᠤᠭᠰᠢᠯᠠᠵᠤ᠂ ᠡᠷᠡᠮᠡᠬᠡᠶᠢᠯᠡᠨ ᠲᠡᠮᠡᠴᠡᠭᠰᠡᠨ ᠠᠴᠠ ᠰᠠᠯᠵᠤ ᠴᠢᠳᠠᠬᠤ ᠦᠭᠡᠢ ᠶᠤᠮ᠃ ᠰᠢᠨ᠎ᠡ ᠠᠶᠠᠨ ᠳᠤ ᠮᠣᠷᠳᠠᠵᠤ᠂ ︽ᠲᠠᠪᠤᠨ | ᠶᠡᠭᠡ ᠡᠭᠦᠷᠭᠡ︾ ᠶᠢ ᠦᠷᠭᠦᠯᠵᠢᠯᠡᠨ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ | ᠭᠦᠨᠵᠡᠭᠡᠢ ᠥᠷᠨᠢᠭᠦᠯᠬᠦ ᠳᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠷᠢᠭᠤᠴᠠᠯᠭ᠎ᠠ ᠶᠢ | ᠦᠨᠡᠨ ᠬᠦ ᠰᠡᠳᠬᠢᠯ ᠳᠡᠭᠡᠨ ᠬᠠᠳᠠᠩᠰᠢᠭᠤᠯᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠴᠤᠴᠠᠯᠲᠠ ᠦᠭᠡᠢ ᠤᠷᠤᠭᠰᠢᠯᠠᠬᠤ ᠣᠪᠣᠷ ᠢᠶᠠᠷ ᠲᠤᠬᠠᠶᠢᠯᠠᠭᠰᠠᠨ | ᠠᠵᠢᠯ ᠢᠶᠠᠨ ᠰᠠᠶᠢᠲᠤᠷ ᠬᠢᠵᠦ᠂ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠠᠵᠢᠯ ᠤᠨ ᠬᠠᠷᠢᠭᠤᠴᠠᠯᠭ᠎ᠠ ᠪᠠᠨ | ᠪᠠᠷᠢᠮᠲᠠᠯᠠᠬᠤ ᠣᠪᠣᠷ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ | ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ | ᠶᠠᠮᠠᠷ ᠲᠤᠰᠢᠶᠠᠯ ᠳᠤ ᠪᠠᠶᠢᠪᠠᠯ ᠳᠠᠷᠤᠢ ᠶᠠᠮᠠᠷ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠨᠢ 11 | ᠲᠠᠯ᠎ᠠ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ ᠶᠢ ᠬᠠᠮᠤᠷᠴᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠪᠣᠳᠠᠲᠠᠢ ᠬᠠᠷᠢᠭᠤᠴᠠᠯᠭ᠎ᠠ ᠶᠢ | ᠲᠣᠳᠣᠷᠬᠠᠶᠢᠯᠠᠪᠠ᠃ ᠪᠦᠭᠦ ᠣᠷᠣᠨ ᠳᠠᠶᠠᠭᠠᠷ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ | ᠬᠦᠯᠢᠶᠡᠵᠦ᠂ ᠢᠳᠡᠪᠬᠢᠲᠡᠢ ᠪᠠᠷ ᠤᠬᠠᠭᠠᠯᠠᠨ ᠲᠥᠯᠥᠪᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠬᠤᠷᠳᠤᠨ ᠮᠣᠷᠢᠨ ᠳᠤ ᠲᠠᠰᠢᠭᠤᠷ ᠨᠡᠮᠡᠵᠦ᠂ ᠪᠦᠭᠦ | ᠬᠦᠴᠦ ᠪᠠᠷ ᠢᠶᠠᠨ ᠴᠢᠷᠮᠠᠶᠢᠨ ᠠᠵᠢᠯᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠤᠯᠭᠠᠬᠤ ᠶᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠡᠭᠦᠷᠭᠡ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠪᠤᠳᠤᠯ ᠢ ᠪᠠᠷᠢᠮᠲᠠᠯᠠᠵᠤ᠂ | ᠬᠥᠮᠥᠨ ᠢᠶᠠᠷ ᠱᠠᠯᠠᠪᠳᠠᠭᠤᠯᠬᠤ ᠦᠭᠡᠢ ᠪᠠᠷ ᠥᠪᠡᠷ ᠲᠡᠭᠡᠨ ᠬᠢᠵᠦ᠂ ᠬᠠᠷᠠᠯᠲᠠ ᠪᠠᠨ ᠠᠯᠳᠠᠯ ᠦᠭᠡᠢ ᠠᠩᠬᠠᠷᠴᠤ᠂ ᠬᠦᠴᠢᠷ ᠪᠡᠷᠬᠡᠰᠢᠶᠡᠯ ᠲᠤᠯᠭᠠᠷᠠᠪᠠᠯ ᠬᠠᠷᠢᠯᠴᠠᠨ | ᠲᠦᠯᠬᠢᠯᠴᠡᠬᠦ ᠦᠭᠡᠢ᠂ ᠠᠰᠠᠭᠤᠳᠠᠯ ᠲᠤᠯᠭᠠᠷᠠᠪᠠᠯ ᠬᠠᠷᠢᠯᠴᠠᠨ ᠵᠠᠶᠢᠯᠠᠭᠤᠯᠬᠤ ᠦᠭᠡᠢ ᠪᠠᠶᠢᠵᠤ᠂ ᠦᠨᠡᠨ ᠬᠦ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯ ᠶᠠᠪᠤᠳᠠᠯ | ᠬᠢᠵᠦ᠂ ᠴᠢᠳᠠᠯ ᠤᠨ ᠬᠢᠷᠢ ᠪᠠᠷ ᠢᠶᠠᠨ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨ ᠬᠦ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ | ᠭᠢᠯᠪᠠᠷᠬᠠᠨ ᠢ ᠬᠥᠭᠡᠭᠡᠴᠡᠯᠳᠦᠬᠦ ᠦᠭᠡᠢ ᠵᠣᠷᠢᠭᠲᠠᠨ ᠬᠥᠮᠥᠰ ᠢᠯᠠᠳᠠᠭ᠂ ᠬᠦᠴᠢᠷ ᠠᠴᠠ ᠵᠠᠶᠢᠯᠠᠳᠠᠭ ᠦᠭᠡᠢ ᠬᠥᠮᠥᠰ ᠳᠠᠪᠰᠢᠳᠠᠭ᠃ ᠡᠨᠡ ᠵᠢᠯ ᠤᠨ | ᠬᠠᠷᠠᠯᠲᠠ ᠲᠡᠶᠢᠰᠢ ᠤᠷᠤᠭᠰᠢᠯᠠᠬᠤ ᠳᠤ᠂ ᠪᠢᠳᠡᠨ ᠳᠤ ᠨᠥᠬᠦᠴᠡᠯ ᠪᠤᠢ᠂ ᠰᠠᠭᠤᠷᠢ ᠪᠤᠢ᠂ ᠳᠠᠷᠤᠯᠲᠠ ᠪᠤᠢ᠂ ᠥᠷᠢᠰᠦᠯᠳᠦᠭᠡᠨ ᠪᠤᠢ᠂ ᠵᠠᠩᠭᠢᠯᠠᠭ᠎ᠠ ᠨᠢ | ᠬᠥᠭᠵᠢᠯᠲᠡ ᠶᠢᠨ ᠢᠲᠡᠭᠡᠯ ᠵᠣᠷᠢᠭ ᠢ ᠪᠠᠲᠤ ᠰᠠᠬᠢᠵᠤ᠂ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠰᠤᠯᠠᠷᠠᠬᠤ ᠦᠭᠡᠢ᠂ ᠬᠤᠶᠢᠷᠭᠤᠰᠢᠬᠤ ᠦᠭᠡᠢ ᠪᠠᠶᠢᠬᠤ ᠶᠢ | ᠪᠠᠲᠤᠯᠠᠪᠠᠯ ᠵᠣᠬᠢᠨ᠎ᠠ᠃ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠡᠷᠬᠡᠪᠰᠢ ᠠᠭᠤᠯᠠ ᠲᠣᠬᠢᠶᠠᠯᠳᠤᠪᠠᠯ ᠵᠠᠮ ᠨᠡᠭᠡᠭᠡᠵᠦ᠂ ᠤᠰᠤ ᠲᠠᠭᠠᠷᠠᠪᠠᠯ | ᠬᠥᠭᠦᠷᠭᠡ ᠲᠠᠯᠪᠢᠬᠤ ᠰᠥᠰᠥ ᠵᠣᠷᠢᠭ ᠢᠶᠠᠷ ᠲᠠᠷᠢᠬᠢ ᠲᠣᠯᠣᠭᠠᠢ ᠪᠠᠨ ᠬᠥᠳᠡᠯᠭᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠳᠠᠷᠤᠯᠲᠠ ᠶᠢᠨ | ᠡᠮᠦᠨ᠎ᠡ ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠵᠦ᠂ ᠥᠷᠢᠰᠦᠯᠳᠦᠭᠡᠨ ᠤ ᠡᠮᠦᠨ᠎ᠡ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠵᠦ᠂ ᠠᠶᠤᠯ | ᠲᠦᠭᠰᠢᠭᠦᠷᠢ ᠶᠢᠨ ᠡᠮᠦᠨ᠎ᠡ ᠵᠣᠷᠢᠭᠲᠠᠢ ᠪᠠᠷ ᠰᠢᠪᠲᠤᠯᠤᠯᠲᠠ ᠬᠢᠵᠦ᠂ ᠪᠦᠭᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠳᠤ ᠲᠤᠰᠠᠲᠠᠢ | ᠠᠷᠭ᠎ᠠ ᠰᠦᠪᠡᠭᠴᠢᠯᠡᠨ᠂ ᠦᠨᠡᠨ ᠪᠣᠳᠠᠲᠠᠢ ᠠᠷᠭ᠎ᠠ ᠭᠠᠷᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠬᠠᠷᠢᠭᠤᠯᠲᠠ ᠶᠢᠨ | ᠬᠠᠭᠤᠳᠠᠰᠤ ᠶᠢ ᠲᠤᠰᠢᠶᠠᠬᠤ ᠪᠠᠷ ᠴᠢᠷᠮᠠᠶᠢᠬᠤ ᠬᠡᠷᠡᠭᠲᠡᠢ᠃ | ᠡᠭᠦᠷᠭᠡ ᠮᠥᠷᠥᠨ ᠳᠤ ᠪᠠᠶᠢᠭ᠎ᠠ ᠪᠣᠯᠬᠤᠷ ᠮᠢᠩᠭᠠᠨ ᠪᠡᠷᠬᠡ ᠲᠦᠮᠡᠨ ᠪᠠᠷᠳᠠᠭ᠎ᠠ ᠠᠴᠠ ᠠᠶᠤᠬᠤ ᠦᠭᠡᠢ᠂ ᠬᠠᠷᠢᠭᠤᠴᠠᠯᠭ᠎ᠠ ᠰᠡᠳᠬᠢᠯ ᠳᠤ ᠪᠠᠶᠢᠭ᠎ᠠ ᠪᠣᠯᠬᠤᠷ | ᠰᠠᠯᠬᠢ ᠪᠣᠷᠣᠭᠠᠨ ᠠᠴᠠ ᠵᠢᠷᠦᠬᠡᠰᠢᠶᠡᠬᠦ ᠦᠭᠡᠢ᠃ ᠪᠦᠭᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯ ᠦᠢᠯᠡᠰ ᠢᠶᠠᠨ ᠰᠡᠳᠬᠢᠯ ᠳᠡᠭᠡᠨ ᠪᠤᠳᠤᠵᠤ᠂ | ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠦᠨᠡᠨ ᠬᠦ ᠴᠢᠷᠮᠠᠶᠢᠨ ᠬᠠᠲᠠᠭᠤᠵᠢᠯᠲᠠᠢ ᠠᠵᠢᠯᠯᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ | ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠶᠢᠨ ᠰᠦᠷᠯᠢᠭ ᠰᠠᠶᠢᠬᠠᠨ ᠰᠢᠨ᠎ᠡ | ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ᠃ | |