ᠮᠠᠨ ᠤ ᠤᠯᠤᠰ ᠤᠷᠳᠤ ᠤᠳᠠᠭᠠᠨ ᠲᠡᠦᠬᠡ ᠲᠠᠢ᠂ ᠬᠥᠮᠥᠨ ᠠᠮᠠ ᠤᠯᠠᠨ᠂ ᠨᠤᠲᠤᠭ ᠳᠡᠪᠢᠰᠬᠡᠷ ᠥᠷᠭᠡᠨ ᠠᠭᠤᠳᠠᠮ᠂ ᠶᠠᠭ ᠲᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠢᠵᠦ᠂ ᠲᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠳᠠ ᠶᠢᠨ ᠠᠭᠤᠤ ᠶᠡᠭᠡ ᠬᠠᠷᠠᠯᠲᠠ ᠲᠡᠰᠢ ᠤᠷᠤᠭᠰᠢᠯᠠᠵᠤ᠂ ᠰᠣᠶᠣᠯ ᠤᠨ ᠢᠲᠡᠭᠡᠯ ᠢᠶᠠᠷ ᠴᠢᠬᠤᠯᠠ ᠲᠤᠯᠭᠠᠭᠤᠷᠢᠯᠠᠯ ᠤᠨ ᠦᠢᠯᠡᠳᠦᠯ ᠬᠠᠩᠭᠠᠵᠤ ᠪᠤᠢ᠃ | ᠪᠣᠳᠠᠰ ᠤᠨ ᠪᠤᠰᠤ ᠰᠣᠶᠣᠯ ᠤᠨ ᠥᠪ ᠪᠣᠯ ᠤᠯᠠᠮᠵᠢᠯᠠᠯᠲᠤ ᠰᠣᠶᠣᠯ ᠤᠨ ᠦᠨᠡᠲᠦ ᠥᠪ ᠪᠠᠶᠢᠵᠤ᠂ ᠦᠨᠳᠦᠰᠦᠲᠡᠨ ᠤ ᠤᠶᠤᠨ ᠤᠬᠠᠭᠠᠨ ᠢ ᠠᠴᠢᠶᠠᠯᠠᠵᠤ | ᠪᠠᠶᠢᠳᠠᠭ᠃ ᠪᠣᠳᠠᠰ ᠤᠨ ᠪᠤᠰᠤ ᠰᠣᠶᠣᠯ ᠤᠨ ᠥᠪ ᠢᠶᠠᠷ ᠳᠠᠮᠵᠢᠭᠠᠳ ᠬᠥᠮᠥᠰ ᠴᠠᠭ ᠦᠶ᠎ᠡ ᠶᠢᠨ ᠬᠢᠵᠠᠭᠠᠷ ᠢ ᠳᠠᠪᠠᠵᠤ᠂ ᠲᠤᠬᠠᠢ ᠶᠢᠨ ᠲᠡᠦᠬᠡ ᠶᠢᠨ ᠴᠠᠭ ᠦᠶ᠎ᠡ ᠶᠢᠨ | ᠭᠤᠸ᠎ᠠ ᠰᠠᠶᠢᠬᠠᠨ ᠪᠣᠯᠣᠨ ᠠᠮᠢᠳᠤᠷᠠᠯ ᠤᠨ ᠪᠠᠶᠢᠳᠠᠯ ᠢ ᠮᠡᠳᠡᠷᠡᠵᠦ ᠪᠣᠯᠣᠨ᠎ᠠ᠃ | ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠨᠢ ᠠᠮᠢᠳᠤ ᠰᠣᠷᠭᠤᠭ ᠰᠣᠶᠣᠯ ᠤᠨ ᠲᠡᠦᠬᠡ ᠶᠢ ᠤᠯᠠᠮᠵᠢᠯᠠᠭᠰᠠᠨ ᠲᠠᠢ ᠠᠳᠠᠯᠢ ᠪᠠᠶᠢᠵᠤ᠂ | ᠪᠣᠳᠠᠰ ᠤᠨ ᠪᠤᠰᠤ ᠰᠣᠶᠣᠯ ᠤᠨ ᠥᠪ ᠢᠶᠠᠷ ᠠᠴᠢᠶᠠᠯᠠᠪᠤᠷᠢ ᠪᠣᠯᠭᠠᠨ ᠬᠥᠮᠥᠰ ᠦᠨᠳᠦᠰᠦᠲᠡᠨ ᠪᠠ ᠤᠯᠤᠰ ᠤᠨ ᠲᠡᠦᠬᠡ ᠶᠢᠨ ᠢᠮ ᠲᠡᠮᠳᠡᠭ ᠢ ᠣᠶᠢᠯᠠᠭᠠᠵᠤ᠂ | ᠢᠷᠡᠭᠰᠡᠨ ᠵᠠᠮ ᠢᠶᠠᠨ ᠮᠡᠳᠡᠵᠤ᠂ ᠦᠨᠳᠦᠰᠦ ᠤᠭᠰᠠᠭ᠎ᠠ ᠪᠠᠨ ᠬᠠᠶᠢᠵᠤ ᠪᠣᠯᠣᠨ᠎ᠠ᠃ ᠡᠨᠡ ᠨᠢ ᠮᠠᠨ ᠤ ᠲᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ | ᠶᠡᠬᠡᠪᠡᠷ ᠨᠡᠮᠡᠭᠳᠡᠭᠦᠯᠵᠦ᠂ ᠰᠣᠶᠣᠯ ᠤᠨ ᠢᠲᠡᠭᠡᠯ ᠢ ᠠᠬᠢᠭᠤᠯᠬᠤ ᠤᠴᠢᠷᠲᠠᠢ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠳᠤᠮᠳᠠ᠂ | ᠤᠯᠠᠮᠵᠢᠯᠠᠭᠴᠢᠳ ᠠᠴᠠ ᠤᠯᠠᠮᠵᠢᠯᠠᠯᠲᠤ ᠤᠷ᠎ᠠ ᠮᠡᠷᠭᠡᠵᠢᠯ ᠢᠶᠠᠨ ᠪᠠᠲᠤ ᠰᠠᠬᠢᠵᠤ᠂ ᠶᠠᠪᠤᠴᠠ ᠪᠣᠯᠭᠠᠨ ᠳᠤ ᠨᠠᠷᠢᠨ ᠬᠢᠨᠠᠮᠠᠭᠠᠢ ᠬᠠᠨᠳᠤᠬᠤ ᠨᠢ ᠳᠠᠷᠤᠢ ᠤᠯᠠᠮᠵᠢᠯᠠᠯᠲᠤ | ᠰᠣᠶᠣᠯ ᠤᠨ ᠦᠨ᠎ᠡ ᠦᠷᠳᠡᠭ ᠤᠨ ᠲᠤᠬᠠᠢ ᠪᠠᠲᠤ ᠢᠲᠡᠭᠡᠯ ᠪᠣᠯᠣᠨ᠎ᠠ᠃ | ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠭᠴᠢᠳ ᠬᠡᠳᠦᠨ ᠠᠷᠪᠠᠨ ᠵᠢᠯ ᠢ ᠨᠢᠭᠡ ᠡᠳᠦᠷ ᠮᠡᠲᠦ ᠥᠩᠭᠡᠷᠡᠭᠦᠯᠵᠦ᠂ ᠪᠦᠭᠦ ᠰᠡᠳᠬᠢᠯ ᠪᠦᠭᠦ | ᠵᠣᠷᠢᠭ ᠢᠶᠠᠷ ᠢᠶᠠᠨ ᠰᠢᠷᠭᠠᠭᠤ ᠬᠠᠲᠠᠭᠤᠵᠢᠯᠲᠠᠢ ᠠᠵᠢᠯᠯᠠᠵᠤ ᠰᠤᠳᠤᠯᠤᠭᠠᠳ ᠰᠠᠶ᠋ᠢ ᠪᠣᠳᠠᠰ ᠤᠨ ᠪᠤᠰᠤ ᠰᠣᠶᠣᠯ ᠤᠨ ᠥᠪ ᠤᠨ ᠤᠶᠤᠨ ᠰᠦᠨᠡᠰᠦ ᠶᠢ ᠣᠶᠢᠯᠠᠭᠠᠵᠤ | ᠳᠡᠶᠢᠯᠳᠡᠭ᠃ ᠲᠡᠳᠡ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠳᠡᠯᠡᠬᠡᠢ ᠶᠢᠨ ᠰᠣᠶᠣᠯ ᠳᠤ | ᠤᠨᠴᠠᠭᠠᠢ ᠪᠠᠶᠢᠷᠢ ᠰᠠᠭᠤᠷᠢ ᠲᠠᠢ ᠪᠠᠶᠢᠬᠤ ᠶᠢ ᠢᠲᠡᠭᠡᠳᠡᠭ ᠨᠢ ᠳᠠᠷᠤᠢ ᠰᠣᠶᠣᠯ ᠤᠨ ᠢᠲᠡᠭᠡᠯ ᠤᠨ ᠬᠦᠴᠦᠲᠡᠢ ᠭᠡᠷᠡᠴᠢᠯᠡᠯ ᠮᠥᠨ᠃ ᠪᠣᠳᠠᠰ ᠤᠨ ᠪᠤᠰᠤ ᠰᠣᠶᠣᠯ ᠤᠨ | ᠥᠪ ᠨᠢ ᠭᠠᠵᠠᠷ ᠣᠷᠣᠨ ᠪᠣᠯᠣᠨ ᠦᠨᠳᠦᠰᠦᠲᠡᠨ ᠤ ᠣᠨᠴᠠᠯᠢᠭ ᠲᠠᠢ ᠪᠠᠶᠢᠵᠤ᠂ ᠳᠡᠯᠡᠬᠡᠢ ᠶᠢᠨ ᠲᠠᠶᠢᠰᠠᠨ᠎ᠠ ᠭᠠᠷᠴᠤ᠂ ᠰᠣᠶᠣᠯ ᠤᠨ ᠰᠣᠯᠢᠯᠴᠠᠭᠠᠨ ᠳᠤ ᠣᠷᠤᠯᠴᠠᠬᠤ | ᠦᠶᠡᠰ᠂ ᠳᠡᠯᠡᠬᠡᠢ ᠳ᠋ᠠᠬᠢᠨ ᠳᠤ ᠲᠤᠮᠳᠠᠳᠤ ᠶᠢᠨ ᠰᠣᠶᠣᠯ ᠤᠨ ᠠᠭᠤᠤ ᠶᠡᠭᠡ᠂ ᠭᠡᠷᠡᠯ ᠰᠠᠴᠤᠷᠠᠩᠭᠤᠢ ᠶᠢ ᠲᠠᠨᠢᠭᠤᠯᠵᠤ᠂ ᠪᠢᠳᠡᠨ ᠳᠤ ᠣᠮᠣᠭᠰᠢᠯ ᠪᠠᠭ᠋ᠠᠷᠬᠠᠯ | ᠲᠦᠷᠦᠭᠦᠯᠳᠡᠭ ᠤᠴᠢᠷᠲᠠᠢ᠃ | ᠪᠢᠳᠡ ᠤᠯᠠᠮᠵᠢᠯᠠᠯᠲᠤ ᠰᠣᠶᠣᠯ ᠳᠠᠭᠠᠨ ᠢᠲᠡᠭᠡᠯ ᠳᠦᠭᠦᠷᠡᠩ ᠪᠠᠶᠢᠬᠤ ᠦᠶᠡᠰ ᠰᠠᠶ᠋ᠢ ᠨᠠᠩ ᠢᠳᠡᠪᠬᠢᠲᠡᠢ ᠪᠠᠷ ᠤᠯᠠᠮᠵᠢᠯᠠᠵᠤ ᠵᠠᠯᠭᠠᠮᠵᠢᠯᠠᠬᠤ ᠦᠢᠯᠡᠰ ᠢ | ᠠᠬᠢᠭᠤᠯᠵᠤ ᠴᠢᠳᠠᠨ᠎ᠠ᠃ ᠨᠡᠶᠢᠭᠡᠮ ᠤᠨ ᠡᠯ᠎ᠡ ᠡᠲᠡᠭᠡᠳ ᠠᠴᠠ ᠨᠡᠩ ᠤᠯᠠᠨ ᠡᠬᠢ ᠪᠠᠶᠠᠯᠢᠭ ᠪᠠ ᠬᠦᠴᠦᠨ ᠢ ᠣᠷᠣᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ | ᠤᠯᠠᠮᠵᠢᠯᠠᠭᠴᠢ ᠶᠢ ᠬᠠᠮᠠᠭᠠᠯᠠᠬᠤ ᠪᠠ ᠬᠡᠷᠬᠢᠨ ᠤᠯᠠᠮᠵᠢᠯᠠᠬᠤ ᠶᠢ ᠲᠡᠭᠦᠯᠳᠡᠷᠵᠢᠭᠦᠯᠬᠦ ᠵᠡᠷᠭᠡ ᠤᠯᠠᠨ ᠲᠠᠯ᠎ᠠ ᠪᠠᠷ ᠴᠢᠷᠮᠠᠶᠢᠵᠤ᠂ ᠪᠣᠳᠠᠰ ᠤᠨ ᠪᠤᠰᠤ ᠰᠣᠶᠣᠯ ᠤᠨ ᠥᠪ ᠤᠨ | ᠣᠳᠣᠬᠢᠴᠢᠯᠠᠭᠰᠠᠨ ᠨᠡᠶᠢᠭᠡᠮ ᠳᠠᠬᠢ ᠠᠮᠢᠯᠠᠯ ᠤᠨ ᠬᠦᠴᠦᠨ ᠢ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠪᠣᠯᠣᠨ ᠰᠣᠶᠣᠯ ᠤᠨ | ᠢᠲᠡᠭᠡᠯ ᠢ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠤᠢ ᠪᠤᠯᠭᠠᠵᠤ᠂ ᠪᠣᠳᠠᠰ ᠤᠨ ᠪᠤᠰᠤ ᠰᠣᠶᠣᠯ ᠢ ᠤᠯᠠᠮᠵᠢᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠬᠤ | ᠵᠣᠷᠢᠯᠲᠠ ᠳᠠᠭᠠᠨ ᠬᠦᠷᠴᠦ ᠴᠢᠳᠠᠨ᠎ᠠ᠃ | | |