ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠭᠦᠷ ᠬᠥᠭᠵᠢᠶᠡᠨᠲᠦ ᠮᠣᠭᠠᠢ ᠵᠢᠯ ᠤᠨ ᠴᠠᠭᠠᠨ ᠰᠠᠷ᠎ᠠ ᠪᠠᠷ᠂ 8 ᠡᠳᠦᠷ ᠤᠨ ᠠᠮᠠᠷᠠᠯᠲᠠ ᠶᠢᠨ | ᠬᠤᠭᠤᠴᠠᠭᠠᠨ ᠳᠤ ᠪᠦᠭᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠥᠰ ᠤᠨ ᠰᠢᠯᠵᠢᠯᠲᠡ ᠶᠢᠨ ᠬᠡᠮᠵᠢᠶ᠎ᠡ 23 ᠳ᠋ᠦᠩᠰᠢᠭᠤᠷ ᠬᠥᠮᠥᠨ ᠤᠳᠠᠭ᠎ᠠ ᠶᠢ ᠳᠠᠪᠠᠵᠤ᠂ | ᠤᠯᠤᠰ ᠤᠨ ᠳᠣᠲᠣᠭᠠᠳᠤ ᠳᠤ ᠵᠢᠭᠤᠯᠴᠢᠯᠠᠭᠰᠠᠨ ᠬᠥᠮᠥᠨ ᠤ ᠲᠤᠭ᠎ᠠ 5 ᠳ᠋ᠦᠩᠰᠢᠭᠤᠷ ᠬᠥᠮᠥᠨ ᠤᠳᠠᠭ᠎ᠠ ᠶᠢ ᠳᠠᠪᠠᠵᠤ᠂ 1436 . 6 ᠲᠦᠮᠡᠨ ᠬᠥᠮᠥᠨ ᠤᠳᠠᠭ᠎ᠠ | ᠶᠢᠨ ᠳᠤᠮᠳᠠᠳᠤ ᠭᠠᠳᠠᠭᠠᠳᠤ ᠶᠢᠨ ᠬᠥᠮᠥᠰ ᠬᠢᠯᠢ ᠪᠠᠷ ᠣᠷᠣᠵᠤ ᠭᠠᠷᠴᠤ᠂ ᠴᠠᠭᠠᠨ ᠰᠠᠷ᠎ᠠ ᠶᠢᠨ ᠬᠤᠭᠤᠴᠠᠭᠠᠨ ᠳᠤ ᠳᠡᠯᠭᠡᠨ ᠦᠵᠡᠭᠦᠯᠦᠭᠰᠡᠨ ᠰᠢᠨ᠎ᠡ ᠺᠢᠨᠣ᠋ ᠶᠢᠨ | ᠪᠢᠯᠧᠲ ᠤᠨ ᠶᠡᠷᠦᠩᠬᠡᠢ ᠣᠷᠣᠯᠭ᠎ᠠ ᠵᠠᠭᠤᠨ ᠳ᠋ᠦᠩᠰᠢᠭᠤᠷ ᠲᠥᠭᠦᠷᠢᠭ ᠢ ᠳᠠᠪᠠᠪᠠ ᠁ ᠴᠠᠭᠠᠨ ᠰᠠᠷ᠎ᠠ ᠪᠠᠷ ᠳᠡᠮᠵᠢᠨ᠂ ᠥᠨᠥᠳᠥᠷ ᠤᠨ ᠳᠤᠮᠳᠠᠳᠤ ᠤᠯᠤᠰ ᠤᠨ | ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠳᠠᠪᠰᠢᠯᠲᠠ ᠶᠢ ᠳᠡᠯᠡᠬᠡᠢ ᠳ᠋ᠠᠬᠢᠨ ᠤ ᠬᠢᠨ ᠪᠦᠭᠦ ᠬᠠᠷᠠᠭᠠᠰᠤ ᠠᠴᠠ ᠠᠵᠢᠭᠯᠠᠵᠤ᠂ ᠡᠨᠡ ᠬᠦ ᠭᠦᠨ ᠵᠤᠵᠠᠭᠠᠨ | ᠰᠣᠶᠣᠯ ᠤᠨ ᠠᠭᠤᠯᠤᠭᠳᠠᠬᠤᠨ ᠪᠠ ᠲᠡᠦᠬᠡ ᠶᠢᠨ ᠦᠨ᠎ᠡ ᠥᠷᠲᠡᠭ ᠢ ᠠᠴᠢᠶᠠᠯᠠᠭᠰᠠᠨ ᠴᠢᠬᠤᠯᠠ ᠤᠯᠠᠮᠵᠢᠯᠠᠯᠲᠤ ᠪᠠᠶᠠᠷ ᠤᠨ ᠡᠳᠦᠷ ᠠᠴᠠ ᠳᠤᠮᠳᠠᠳᠤ ᠤᠯᠤᠰ ᠢ | ᠣᠶᠢᠯᠠᠭᠠᠨ ᠮᠡᠳᠡᠷᠡᠪᠡ᠃ | ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢ ᠭᠠᠳᠠᠭᠠᠳᠤ ᠶᠢᠨ ᠵᠠᠭᠤᠴᠢᠯᠠᠭᠤᠷ ᠤᠨ ᠬᠢᠨ ︽ᠪᠦᠭᠦ ᠪᠥᠮᠪᠥᠷᠴᠡᠭ ᠤᠨ ᠬᠠᠮᠤᠭ ᠤᠨ ᠶᠡᠭᠡ | ᠬᠡᠪᠴᠢᠶᠡᠨ ᠤ ᠣᠨ ᠤ ᠬᠥᠮᠥᠰ ᠤᠨ ᠨᠡᠭᠦᠳᠡᠯ︾ ᠭᠡᠵᠦ ᠬᠡᠯᠡᠳᠡᠭ᠃ 2025 ᠣᠨ ᠤ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ 40 ᠡᠳᠦᠷ ᠲᠤ᠂ | ᠪᠦᠭᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠥᠰ ᠤᠨ ᠰᠢᠯᠵᠢᠯᠲᠡ ᠶᠢᠨ ᠬᠡᠮᠵᠢᠶ᠎ᠡ ᠵᠢᠱᠢᠯᠲᠡ ᠪᠠᠷ 90 ᠳ᠋ᠦᠩᠰᠢᠭᠤᠷ ᠬᠥᠮᠥᠨ ᠤᠳᠠᠭ᠎ᠠ ᠳᠤ ᠬᠦᠷᠬᠦ | ᠪᠣᠯᠣᠨ᠎ᠠ᠃ ᠡᠶᠢᠮᠦ ᠶᠡᠭᠡ ᠬᠡᠪᠴᠢᠶᠡᠨ ᠤ ᠬᠥᠮᠥᠨ ᠠᠮᠠ ᠶᠢᠨ ᠰᠢᠯᠵᠢᠯᠲᠡ ᠶᠢ ᠪᠠᠲᠤᠯᠠᠭᠰᠠᠨ ᠶᠠᠪᠤᠳᠠᠯ ᠨᠢ ᠣᠳᠣᠬᠠᠨ ᠤ ᠳᠤᠮᠳᠠᠳᠤ ᠤᠯᠤᠰ ᠤᠨ ᠵᠠᠮ ᠬᠠᠷᠢᠯᠴᠠᠭᠠᠨ ᠤ | ᠰᠢᠰᠲ᠋ᠧᠮ ᠡᠳᠦᠷ ᠢᠷᠡᠬᠦᠶ᠎ᠡ ᠬᠥᠭᠵᠢᠵᠦ᠂ ᠵᠥᠭᠡᠭᠡᠪᠦᠷᠢ ᠶᠢᠨ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠨᠡᠶᠢᠭᠡᠮ ᠤᠨ ᠵᠠᠰᠠᠯᠲᠠ᠂ ᠣᠯᠠᠨ ᠨᠡᠶᠢᠲᠡ ᠶᠢᠨ | ᠦᠢᠯᠡᠴᠢᠯᠡᠭᠡ ᠵᠡᠷᠭᠡ ᠲᠠᠯ᠎ᠠ ᠶᠢᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠭᠰᠠᠨ ᠢ ᠬᠠᠷᠠᠭᠤᠯᠵᠤ ᠪᠠᠶᠢᠨ᠎ᠠ᠃ ︽ᠰᠡᠷᠭᠦᠨ ᠮᠠᠨᠳᠤᠯᠲᠠ ᠨᠡᠷᠡᠮᠵᠢᠲᠦ︾ ᠲᠦᠷᠭᠡᠨ ᠤ | ᠲᠡᠮᠦᠷ ᠵᠠᠮ ᠲᠤᠮᠳᠠᠳᠤ ᠶᠢᠨ ᠡᠬᠡ ᠭᠠᠵᠠᠷ ᠲᠤ ᠨᠢᠰᠬᠦ ᠮᠡᠲᠦ ᠳᠠᠪᠬᠢᠵᠤ᠂ C919 ᠲᠣᠮᠣ ᠨᠢᠰᠬᠡᠯ ᠬᠥᠬᠡ ᠣᠭᠲᠠᠷᠭᠤᠢ ᠪᠠᠷ ᠳᠡᠭᠦᠯᠢᠵᠦ᠂ ᠰᠢᠨ᠎ᠡ ᠡᠨᠧᠷᠭᠢ ᠶᠢᠨ | ᠮᠠᠰᠢᠨ ᠲᠡᠷᠭᠡ ︽ᠲᠦᠷᠭᠡᠨ ᠴᠡᠨᠡᠭᠯᠡᠬᠦ︾ ᠵᠠᠮ ᠳᠤ ᠣᠷᠣᠪᠠ ᠁ ᠤᠯᠤᠰ ᠲᠠᠭᠠᠨ ᠦᠢᠯᠡᠳᠪᠦᠷᠢᠯᠡᠭᠰᠡᠨ ᠨᠡᠩ ᠤᠯᠠᠨ ᠵᠠᠮ ᠬᠠᠷᠢᠯᠴᠠᠭᠠᠨ ᠤ ᠪᠠᠭᠠᠵᠢ ᠪᠠᠷ ᠴᠠᠭᠠᠨ | ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠦᠴᠦᠨ ᠢ ᠳᠡᠯᠡᠬᠡᠢ ᠳ᠋ᠠᠬᠢᠨ ᠳᠤ ᠬᠠᠷᠠᠭᠤᠯᠪᠠ᠃ ᠡᠨᠡ ᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠨᠢᠭᠡᠨ ᠦᠵᠡᠭᠳᠡᠯ ᠪᠣᠯᠤᠭᠰᠠᠨ ᠣᠶᠤᠨᠲᠤ ᠮᠠᠰᠢᠨ ᠬᠥᠮᠥᠨ | ᠵᠡᠭᠦᠨ ᠬᠤᠶᠢᠲᠤ ᠣᠷᠣᠨ ᠤ ᠶᠠᠩᠭᠠᠷ ᠪᠥᠵᠢᠭ ᠪᠥᠵᠢᠭᠯᠡᠭᠰᠡᠨ ᠶᠠᠪᠤᠳᠠᠯ ᠢ ᠭᠠᠳᠠᠭᠠᠳᠤ ᠶᠢᠨ ᠣᠯᠠᠨ ᠵᠠᠭᠤᠴᠢᠯᠠᠭᠤᠷ ᠤᠨ ᠬᠢᠨ ᠠᠩᠬᠠᠷᠴᠤ ᠣᠯᠪᠠ᠃ ᠹᠷᠠᠨᠼᠢ ᠶᠢᠨ ︽ | ᠹᠧᠭᠠᠷᠤ᠋ ᠰᠣᠨᠢᠨ︾ ᠤ ᠰᠦᠯᠵᠢᠶ᠎ᠡ ᠵᠣᠬᠢᠶᠠᠯ ᠨᠡᠶᠢᠲᠡᠯᠡᠵᠦ᠂ ᠮᠠᠰᠢᠨ ᠬᠥᠮᠥᠨ ᠤ ᠭᠤᠴᠣ ᠰᠠᠶᠢᠬᠠᠨ ᠲᠣᠬᠯᠠᠯᠲᠠ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠤᠭ᠎ᠠ ᠰᠠᠨᠠᠭ᠎ᠠ ᠪᠣᠯᠣᠨ ᠲᠠᠪᠰᠢᠯᠳᠠ ᠶᠢ ᠬᠠᠷᠠᠭᠤᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠴᠠᠭᠠᠨ ᠰᠠᠷ᠎ᠠ ᠳᠤ ᠬᠥᠮᠥᠨ ᠠᠮᠠ ᠶᠡᠭᠡ ᠬᠡᠮᠵᠢᠶ᠎ᠡ ᠪᠠᠷ ᠨᠠᠭᠠᠰᠢ ᠴᠠᠭᠠᠰᠢ ᠶᠠᠪᠤᠵᠤ ᠰᠠᠭᠤᠭᠰᠠᠨ ᠪᠥᠭᠡᠳ ᠬᠡᠷᠡᠭᠯᠡᠭᠡᠨ ᠤ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠭᠦᠷ ᠬᠥᠭᠵᠢᠶᠡᠨᠲᠡᠢ ᠬᠡᠷᠡᠭᠯᠡᠭᠡᠨ ᠤ ᠵᠢᠷᠤᠭ ᠲᠥᠰᠥᠪ ᠨᠢ ᠳᠤᠮᠳᠠᠳᠤ ᠤᠯᠤᠰ ᠤᠨ ᠠᠵᠤ ᠠᠬᠤᠢ ᠶᠢᠨ ᠰᠦᠷ | ᠳᠠᠯᠠᠶᠢᠴᠠᠲᠠᠢ ᠬᠥᠳᠡᠯᠭᠡᠬᠦ ᠬᠦᠴᠦᠨ ᠢ ᠲᠤᠰᠬᠠᠵᠠᠢ᠃ ᠡᠸᠦ᠋ᠷᠦᠫᠡ ᠲᠢᠪ ᠤᠨ ︽ᠣᠲᠣ ᠦᠶ᠎ᠡ ᠶᠢᠨ ᠭᠠᠳᠠᠭᠠᠳᠤ ᠬᠠᠷᠢᠯᠴᠠᠭ᠎ᠠ︾ ᠰᠡᠳᠬᠦᠯ ᠤᠨ ᠰᠦᠯᠵᠢᠶ᠎ᠡ ᠶᠢᠨ | ᠮᠡᠳᠡᠭᠡᠯᠡᠭᠰᠡᠨ ᠢᠶᠠᠷ᠂ ᠪᠦᠭᠦ ᠳᠡᠯᠡᠬᠡᠢ ᠶᠢᠨ ᠠᠵᠤ ᠠᠬᠤᠶᠢᠯᠠᠯ ᠴᠥᠮ ᠴᠠᠭᠠᠨ ᠰᠠᠷ᠎ᠠ ᠶᠢᠨ ᠬᠤᠭᠤᠴᠠᠭᠠᠨ ᠳᠤ ᠠᠭᠤᠯᠤᠭᠳᠠᠵᠤ ᠪᠠᠶᠢᠭ᠎ᠠ ᠯᠤᠲᠤ ᠶᠡᠭᠡ ᠬᠤᠳᠠᠯᠳᠤᠭᠠᠨ ᠤ | ᠲᠣᠭᠢᠶᠠᠯ ᠢ ᠲᠠᠨᠢᠨ ᠮᠡᠳᠡᠵᠦ᠂ ᠣᠯᠠᠨ ᠤᠯᠤᠰ ᠤᠨ ᠮᠠᠰᠢ ᠣᠯᠠᠨ ᠨᠡᠷᠡᠲᠦ ᠲᠦᠷᠦᠯ ᠲᠡᠮᠳᠡᠭ ᠨᠢ ᠴᠠᠭᠠᠨ ᠰᠠᠷ᠎ᠠ ᠶᠢᠨ ᠭᠤᠣᠯ ᠰᠡᠳᠦᠪᠲᠦ ᠬᠡᠮᠵᠢᠶᠡᠲᠦ ᠲᠠᠸᠠᠷ ᠢ | ᠨᠡᠶᠢᠲᠡᠯᠡᠬᠦ᠂ ᠴᠠᠭᠠᠨ ᠰᠠᠷ᠎ᠠ ᠳᠤ ᠬᠤᠯᠪᠣᠭᠳᠠᠭᠰᠠᠨ ᠵᠠᠷ ᠦᠢᠯᠡᠳᠬᠦ ᠵᠡᠷᠭᠡ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠲᠤᠰᠬᠠᠶᠢᠯᠠᠨ ᠥᠷᠨᠢᠭᠦᠯᠪᠡ᠃ ᠳᠤᠮᠳᠠᠳᠤ | ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠪᠠᠶᠠᠷ ᠤᠨ ᠡᠳᠦᠷ ᠤᠨ ᠬᠤᠭᠤᠴᠠᠭᠠᠨ ᠳᠤ᠂ ᠢᠳᠡᠭᠡᠨ᠂ | ᠴᠠᠭᠠᠨ ᠰᠠᠷ᠎ᠠ ᠶᠢᠨ ᠵᠠᠩ ᠳᠠᠳᠬᠠᠯ ᠲᠠᠢ ᠬᠤᠯᠪᠣᠭᠳᠠᠭᠰᠠᠨ ᠲᠠᠸᠠᠷ᠂ ᠪᠣᠬᠢᠷᠳᠤᠯ ᠦᠭᠡᠢ ᠣᠶᠤᠨᠴᠢ ᠭᠡᠷ ᠤᠨ ᠴᠠᠭᠢᠯᠭᠠᠨ ᠬᠡᠷᠡᠭᠰᠡᠯ᠂ ᠭᠠᠷ ᠤᠲᠠᠰᠤ᠂ ᠬᠠᠪᠲᠠᠰᠤᠨ | ᠺᠤᠮᠫᠢᠦ᠋ᠲ᠋ᠧᠷ ᠵᠡᠷᠭᠡ ᠲᠠᠸᠠᠷ ᠤᠨ ᠪᠣᠷᠤᠯᠠᠭᠤᠯᠭ᠎ᠠ ᠰᠠᠶᠢᠨ ᠪᠠᠶᠢᠵᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠭᠡᠷ ᠤᠨ ᠴᠠᠭᠢᠯᠭᠠᠨ ᠬᠡᠷᠡᠭᠰᠡᠯ᠂ ᠮᠡᠳᠡᠭᠡ | ᠬᠤᠯᠪᠣᠭᠠᠨ ᠤ ᠪᠠᠭᠠᠵᠢ ᠬᠡᠷᠡᠭᠰᠡᠯ ᠤᠨ ᠪᠣᠷᠤᠯᠠᠭᠤᠯᠭ᠎ᠠ ᠶᠢᠨ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10% ᠠᠴᠠ ᠳᠡᠭᠡᠭᠰᠢ ᠨᠡᠮᠡᠭᠳᠡᠭᠰᠡᠨ ᠢ | ᠭᠤᠣᠯᠳᠠᠯᠭ᠎ᠠ ᠲᠠᠢ ᠬᠢᠨᠠᠨ ᠬᠡᠮᠵᠢᠵᠦ ᠣᠯᠪᠠ᠃ ᠬᠠᠮᠲᠤ ᠬᠤᠭᠤᠯᠠᠯᠠᠬᠤ᠂ ᠵᠢᠭᠤᠯᠴᠢᠯᠠᠬᠤ᠂ ᠺᠢᠨᠣ᠋ ᠦᠵᠡᠬᠦ᠂ ᠵᠦᠴᠦᠭᠡ ᠦᠵᠡᠬᠦ ᠵᠡᠷᠭᠡ ᠦᠢᠯᠡᠴᠢᠯᠡᠭᠡᠨ ᠤ | ᠬᠡᠷᠡᠭᠯᠡᠭᠡᠨ ᠤ ᠬᠡᠷᠡᠭᠴᠡᠭᠡ ᠶᠢ ᠲᠥᠪᠯᠡᠷᠡᠭᠦᠯᠦᠨ ᠢᠯᠡᠷᠡᠭᠦᠯᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠲᠤᠭ᠎ᠠ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ᠃ ᠮᠥᠰᠥ ᠴᠠᠰᠤᠨ ᠤ ᠵᠢᠭᠤᠯᠴᠢᠯᠠᠯ᠂ ᠰᠣᠶᠣᠯ ᠤᠨ ᠮᠦᠽᠧᠢ ᠶᠢᠨ ᠵᠢᠭᠤᠯᠴᠢᠯᠠᠯ ᠵᠡᠷᠭᠡ ᠶᠢᠨ ᠬᠠᠯᠠᠮᠰᠢᠯ | ᠪᠠᠭᠤᠷᠠᠭᠰᠠᠨ ᠦᠭᠡᠢ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠳᠤ 6770 ᠳ᠋ᠦᠩᠰᠢᠭᠤᠷ ᠲᠥᠭᠦᠷᠢᠭ | ᠵᠠᠷᠤᠴᠠᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.0% ᠨᠡᠮᠡᠭᠳᠡᠪᠡ᠃ ᠴᠠᠭᠠᠨ ᠰᠠᠷ᠎ᠠ ᠶᠢᠨ ᠺᠢᠨᠣ᠋ ᠶᠢᠨ ᠪᠢᠯᠧᠲ ᠤᠨ ᠣᠷᠣᠯᠭ᠎ᠠ ᠲᠡᠦᠬᠡ ᠶᠢᠨ | ᠰᠢᠨ᠎ᠡ ᠲᠡᠮᠳᠡᠭᠯᠡᠯ ᠢ ᠡᠭᠦᠳᠴᠦ᠂ ᠺᠢᠨᠣ᠋ ᠦᠵᠡᠭᠰᠡᠨ ᠬᠥᠮᠥᠨ ᠤᠳᠠᠭ᠎ᠠ ᠲᠡᠦᠬᠡ ᠶᠢᠨ ᠲᠡᠮᠳᠡᠭᠯᠡᠯ ᠢ ᠰᠢᠨᠡᠳᠬᠡᠵᠦ᠂ ᠤᠯᠠᠨ ᠳᠤ ᠲᠠᠭᠠᠰᠢᠶᠠᠭᠳᠠᠭᠰᠠᠨ ᠺᠢᠨᠣ᠋ ᠶᠢᠨ | ᠬᠠᠯᠠᠮᠰᠢᠯ ᠦᠷᠭᠦᠯᠵᠢᠯᠡᠨ ᠨᠡᠮᠡᠭᠳᠡᠪᠡ᠃ ᠷᠦᠲ᠋ᠧᠷ ᠬᠤᠷᠢᠶ᠎ᠠ ᠶᠢᠨ ᠮᠡᠳᠡᠭᠡᠯᠡᠭᠰᠡᠨ ᠢᠶᠠᠷ᠂ ᠳᠤᠮᠳᠠᠳᠤ ᠤᠯᠤᠰ ᠤᠨ ᠺᠢᠨᠣ᠋ ᠶᠢᠨ ᠠᠵᠢᠯ ᠲᠥᠷᠥᠯ ᠤᠨ ᠬᠢᠨ ᠡᠨᠡ ᠵᠢᠯ ᠤᠨ | ᠴᠠᠭᠠᠨ ᠰᠠᠷ᠎ᠠ ᠶᠢᠨ ᠬᠤᠭᠤᠴᠠᠭᠠᠨ ᠳᠤ ᠡᠯᠪᠡᠭ ᠬᠤᠷᠢᠶᠠᠯᠲᠠ ᠣᠯᠪᠠ᠂ ᠡᠨᠡ ᠬᠦ ᠠᠮᠵᠢᠯᠲᠠ ᠨᠢ ︽ᠬᠥᠮᠥᠰ ᠢ ᠵᠣᠷᠢᠭᠵᠢᠭᠤᠯᠤᠮ᠎ᠠ︾ ᠶᠤᠮ ᠭᠡᠪᠡ᠃ ᠤᠷᠤᠰ ᠤᠨ | ᠰᠣᠨᠢᠨ ᠮᠡᠳᠡᠭᠡᠨ ᠤ ᠬᠤᠷᠢᠶ᠎ᠠ ᠵᠣᠬᠢᠶᠠᠯ ᠨᠡᠶᠢᠲᠡᠯᠡᠵᠦ᠂ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠬᠡᠷᠡᠭᠯᠡᠭᠡᠨ ᠤ ᠵᠠᠷᠤᠯᠭ᠎ᠠ ᠶᠢᠨ | ᠨᠡᠮᠡᠭᠳᠡᠯ ᠨᠢ ᠳᠤᠮᠳᠠᠳᠤ ᠤᠯᠤᠰ ᠤᠨ ᠠᠵᠤ ᠠᠬᠤᠢ ᠲᠤᠭ᠎ᠠ ᠬᠡᠮᠵᠢᠶᠡᠨ ᠤ ᠲᠠᠯ᠎ᠠ ᠪᠠᠷ ᠪᠠᠷᠠᠬᠤ ᠦᠭᠡᠢ ᠪᠠᠰᠠ ᠶᠠᠰᠤ ᠴᠢᠨᠠᠷ ᠤᠨ ᠲᠠᠯ᠎ᠠ ᠪᠠᠷ ᠰᠢᠨ᠎ᠡ | ᠳᠡᠭᠡᠭᠰᠢᠯᠡᠯᠲᠡ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ ᠭᠡᠵᠡᠢ᠃ | ᠴᠠᠭᠠᠨ ᠰᠠᠷ᠎ᠠ ᠶᠢ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠶᠤᠴᠢᠯᠠᠭᠠᠳ ᠠᠮᠵᠢᠯᠲᠠ ᠣᠯᠵᠤ᠂ ᠴᠠᠭᠠᠨ ᠰᠠᠷ᠎ᠠ ᠶᠢᠨ ᠳᠡᠯᠡᠬᠡᠢ ᠳᠡᠭᠡᠷᠡᠬᠢ | ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠪᠡ᠃ ᠤᠯᠠᠮ ᠠᠴᠠ ᠣᠯᠠᠨ ᠬᠥᠮᠥᠨ ᠴᠠᠭᠠᠨ ᠰᠠᠷ᠎ᠠ ᠶᠢᠨ ᠭᠦᠷ ᠨᠠᠷᠭᠢᠶᠠᠨ ᠠᠴᠠ ᠴᠠᠭᠠᠨ ᠰᠠᠷ᠎ᠠ ᠠᠴᠠ | ᠤᠯᠠᠮᠵᠢᠯᠠᠭᠳᠠᠵᠤ ᠢᠷᠡᠭᠰᠡᠨ ᠡᠩᠬᠡ ᠲᠠᠶᠢᠪᠤᠩ᠂ ᠡᠶ᠎ᠡ ᠨᠠᠶᠢᠷᠠᠮᠳᠠᠭᠤ᠂ ᠡᠶ᠎ᠡ ᠵᠣᠬᠢᠴᠠᠯ ᠵᠡᠷᠭᠡ ᠳᠤᠮᠳᠠᠳᠤ ᠶᠢᠨ ᠪᠣᠯᠪᠠᠰᠤᠨ ᠤ ᠣᠶᠢᠯᠠᠭᠠᠭᠳᠠᠬᠤᠨ᠂ ᠭᠡᠷ ᠪᠦᠯᠢ ᠶᠢᠨ | ᠡᠶ᠎ᠡ ᠨᠠᠶᠢᠷᠠᠮᠳᠠᠭᠤ᠂ ᠨᠡᠶᠢᠭᠡᠮ ᠤᠨ ᠪᠠᠭᠲᠠᠭᠠᠮᠵᠢ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠥᠭᠡᠭᠡᠴᠡᠯᠳᠦᠯ ᠵᠡᠷᠭᠡ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠣᠯᠵᠤ ᠬᠠᠷᠠᠬᠤ ᠪᠣᠯᠵᠠᠢ᠃ ᠫᠠᠺᠢᠰᠲ᠋ᠠᠨ ᠤ ᠤᠶᠤᠨ ᠤ | ᠬᠥᠮᠥᠷᠭᠡ ᠶᠢᠨ ᠪᠦᠭᠦ ᠪᠥᠮᠪᠥᠷᠴᠡᠭ ᠤᠨ ᠲᠣᠷᠭᠠᠨ ᠵᠠᠮ ᠤᠨ ᠰᠤᠳᠤᠯᠭᠠᠨ ᠤ ᠬᠤᠯᠪᠤᠭ᠎ᠠ ᠶᠢ ᠡᠭᠦᠰᠬᠡᠨ ᠪᠠᠶᠢᠭᠤᠯᠤᠭᠰᠠᠨ ᠲᠡᠷᠢᠭᠦᠯᠡᠭᠴᠢ ᠠᠸᠠᠨ᠂ ᠴᠠᠭᠠᠨ ᠰᠠᠷ᠎ᠠ ᠳᠤ | ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠶᠢᠯᠠᠭᠠᠭᠳᠠᠬᠤᠨ ᠠᠭᠤᠯᠤᠭᠳᠠᠵᠤ ᠪᠠᠶᠢᠨ᠎ᠠ᠃ ︽ᠬᠥᠮᠥᠰ ᠬᠠᠪᠤᠷ ᠢ ᠤᠭᠲᠤᠬᠤ ᠪᠠ ᠰᠢᠨ᠎ᠡ ᠨᠢᠭᠡ | ᠡᠭᠡᠯᠵᠢ ᠶᠢᠨ ᠪᠠᠶᠢᠭᠠᠯᠢ ᠶᠢᠨ ᠦᠶᠡᠯᠡᠯ ᠤᠨ ᠬᠦᠷᠴᠦ ᠢᠷᠡᠬᠦ ᠳᠤ ᠵᠢᠮ᠎ᠡ ᠶᠣᠰᠣ ᠶᠢ ᠬᠦᠨᠳᠦᠳᠬᠡᠬᠦ᠂ ᠲᠦᠮᠡᠨ ᠪᠣᠳᠠᠰ ᠢ ᠬᠠᠶᠢᠷᠠᠯᠠᠵᠤ ᠬᠠᠮᠠᠭᠠᠯᠠᠬᠤ ᠶᠢᠨ ᠴᠢᠬᠤᠯᠠ | ᠴᠢᠨᠠᠷ ᠢ ᠣᠶᠢᠯᠠᠭᠠᠬᠤ ᠶᠢᠨ ᠬᠠᠮᠲᠤ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠪᠠᠷ ᠢᠳᠡᠪᠬᠢᠲᠡᠢ ᠴᠢᠷᠮᠠᠶᠢᠨ᠎ᠠ︾ ᠭᠡᠵᠦ ᠦᠵᠡᠪᠡ᠃ | ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠳᠤ ᠢᠯᠡᠷᠡᠭᠰᠡᠨ ᠬᠥᠭᠵᠢᠯ ᠪᠠᠳᠠᠷᠠᠯ ᠨᠢ ᠥᠨᠥᠳᠥᠷ ᠤᠨ ᠳᠤᠮᠳᠠᠳᠤ ᠤᠯᠤᠰ ᠤᠨ ᠠᠮᠢᠵᠢᠷᠠᠯ ᠤᠨ ᠬᠦᠴᠦᠨ ᠪᠠ | ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠳᠡᠯᠡᠬᠡᠢ ᠳ᠋ᠠᠬᠢᠨ ᠳᠤ ᠦᠵᠡᠭᠦᠯᠵᠦ᠂ ᠨᠡᠩ ᠴᠤ ᠴᠠᠭᠠᠨ ᠰᠠᠷ᠎ᠠ ᠳᠤ ᠠᠭᠤᠯᠤᠭᠳᠠᠵᠤ ᠪᠠᠶᠢᠭ᠎ᠠ ᠤᠯᠠᠮᠵᠢᠯᠠᠯᠲᠤ | ᠰᠣᠶᠣᠯ ᠪᠠ ᠦᠷᠲᠡᠭ ᠤᠨ ᠦᠵᠡᠯᠲᠡ ᠠᠴᠠ ᠳᠤᠮᠳᠠᠳᠤ ᠤᠯᠤᠰ ᠤᠨ ᠭᠡᠭᠡᠨ ᠰᠠᠷᠠᠭᠤᠯ ᠢᠷᠡᠭᠡᠳᠦᠢ ᠶᠢ ᠣᠯᠵᠤ ᠬᠠᠷᠠᠭᠤᠯᠪᠠ᠃ ᠴᠠᠭᠠᠨ ᠰᠠᠷ᠎ᠠ ᠪᠣᠯ ᠨᠢᠭᠡᠨ ᠰᠢᠨ᠎ᠡ | ᠡᠭᠢᠯᠡᠯᠲᠡ ᠮᠥᠨ᠂ ᠪᠠᠰᠠ ᠴᠤ ᠰᠢᠨ᠎ᠡ ᠬᠦᠰᠡᠯ ᠡᠷᠡᠮᠡᠯᠵᠡᠯ ᠢ ᠬᠠᠷᠠᠭᠤᠯᠵᠤ ᠪᠠᠶᠢᠨ᠎ᠠ᠃ ᠰᠢᠨ᠎ᠡ ᠨᠢᠭᠡ ᠵᠢᠯ ᠳᠤ᠂ ᠳᠤᠮᠳᠠᠳᠤ ᠤᠯᠤᠰ ᠮᠣᠭᠠᠢ ᠵᠢᠯ ᠳᠤ ᠮᠢᠩᠭᠠᠨ | ᠭᠠᠵᠠᠷ ᠠᠶᠠᠯᠠᠬᠤ ᠡᠷᠴᠢ ᠵᠣᠷᠢᠭ ᠢᠶᠠᠷ᠂ ᠤᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠤᠨ ᠲᠤᠰ ᠪᠡᠶ᠎ᠡ ᠶᠢᠨ ᠬᠥᠭᠵᠢᠯᠲᠡ ᠪᠠᠨ ᠰᠠᠶᠢᠲᠤᠷ ᠬᠢᠵᠦ᠂ ᠬᠦᠰᠡᠯ | ᠡᠷᠡᠮᠡᠯᠵᠡᠯ ᠤᠨ ᠳᠤᠮᠳᠠ ᠡᠯ᠎ᠡ ᠤᠯᠤᠰ ᠲᠠᠢ ᠭᠠᠷ ᠬᠤᠯᠪᠣᠨ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠰᠢᠨ᠎ᠡ ᠬᠠᠭᠤᠳᠠᠰᠤ ᠶᠢ ᠪᠢᠴᠢᠭᠯᠡᠬᠦ ᠪᠣᠯᠣᠨ᠎ᠠ᠃ | |